ᠰᠢ᠎ᠵᠢᠨ᠎ᠫᠢᠩ ᠯᠢ ᠴᠢᠶᠠᠩ ᠸᠠᠩ ᠬᠤ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠬᠤᠷᠠᠯ᠎ᠳᠤ ᠣᠷᠣᠯᠴᠠᠵᠠᠢ
ᠵᠤᠤ ᠯᠸ ᠵᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠬᠢᠪᠡ
ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠤᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠵᠡᠷᠭᠡ᠎ᠶ᠋ᠢ ᠰᠣᠨᠣᠰᠤᠭᠰᠠᠨ ᠪᠠ ᠬᠢᠨᠠᠨ ᠵᠥᠪᠯᠡᠵᠠᠢ

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 9 ᠤ ᠡᠳᠦᠷ᠎ᠦᠨ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠭᠰᠠᠨ ᠪᠠ ᠬᠢᠨᠠᠨ ᠵᠥᠪᠯᠡᠵᠦ᠍᠂ ᠬᠠᠤᠯᠢ ᠴᠠᠭᠠᠵᠠ᠎ᠶ᠋ᠢ ᠡᠮᠬᠢᠯᠡᠨ ᠴᠡᠭᠴᠡᠯᠡᠭᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠥᠬᠥᠶ ᠬᠠᠤᠯᠢ ᠴᠠᠭᠠᠵᠠ ᠪᠣᠯᠤᠨ ᠲᠣᠭ᠍ᠲᠠᠭᠠᠯ᠎ᠢ ᠱᠢᠶ᠋ᠳᠪᠦᠷᠢᠯᠡᠬᠦ᠌ ᠰᠠᠨᠠᠯ᠎ᠤᠨ ᠲᠤᠬᠠᠶ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

3 ᠰᠠᠷ᠎ᠠ᠎ᠶᠢᠨ 9 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠵᠤᠤ ᠯᠸ ᠵᠶ᠋ᠢ ᠶᠡᠬᠡ ᠬᠤᠷᠠᠯ ᠳᠡᠭᠡᠷ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠳᠡ ᠬᠢᠪᠡ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠷᠤᠤ ᠠᠢ ᠮᠢᠨ ᠰᠡᠬᠦᠳᠡᠷᠯᠡᠪᠡ
ᠰᠢ᠎ᠵᠢᠨ᠎ᠫᠢᠩ᠂ ᠯᠢ ᠴᠢᠶᠠᠩ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠬᠤᠷᠠᠯ᠎ᠳᠤ ᠣᠷᠣᠯᠴᠠᠵᠠᠢ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠵᠤᠤ ᠯᠸ ᠵᠶ᠋ᠢ ᠶᠡᠬᠡ ᠬᠤᠷᠠᠯ ᠳᠡᠭᠡᠷ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠳᠡ ᠬᠢᠪᠡ᠃ ᠵᠤᠤ ᠯᠸ ᠵᠶ᠋ᠢ ᠮᠡᠳᠡᠭᠦᠯᠦᠯᠲᠡ᠎ᠳᠡᠭᠡᠨ᠂ 2025 ᠣᠨ ᠪᠣᠯ ᠲᠤᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠨᠢᠭᠡ ᠵᠢᠯ᠎ᠦᠨ ᠲᠤᠷᠰᠢ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠨᠡᠩ ᠪᠦᠷᠢᠨ ᠲᠡᠭᠦᠯᠳᠡᠷ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠬᠤ᠎ᠳᠦ ᠠᠩᠬᠠᠷᠤᠯ᠎ᠢᠶᠠᠨ ᠲᠦᠪᠯᠡᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶ᠋ᠢᠨ ᠲᠣᠭᠣᠷᠢᠨ᠎ᠳᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠤ᠂ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠵᠤ᠂ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠯᠲᠠ ᠪᠠ ᠦᠷ᠎ᠡ ᠪᠦᠲᠦᠮᠵᠢ ᠣᠯᠪᠠ᠃ ᠨᠢᠭᠡ᠎ᠳᠦ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠤᠯᠤᠰ᠎ᠤᠨ ᠬᠠᠤᠯᠢ᠎ᠪᠠᠷ ᠵᠠᠰᠠᠬᠤ ᠨᠢᠭᠡᠳᠦᠯ᠎ᠢ ᠬᠠᠮᠠᠭᠠᠯᠠᠪᠠ᠃ ᠪᠠᠢᠩᠭᠤ᠎ᠶ᠋ᠢᠨ ᠬᠣᠷᠢᠶ᠎ᠠ᠎ᠠᠴᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠬᠣᠶᠠᠷ ᠤᠳᠠᠭ᠎ᠠ ᠬᠢᠨᠠᠨ ᠵᠦᠪᠯᠡᠭᠰᠡᠨ ᠪᠥᠭᠡᠳ ᠲᠤᠰ ᠤᠳᠠᠭᠠᠨ᠎ᠤ ᠶᠡᠬᠡ ᠬᠤᠷᠠᠯ᠎ᠳᠤ ᠬᠢᠨᠠᠨ ᠵᠦᠪᠯᠡᠭᠦᠯᠬᠦ᠎ᠪᠠᠷ ᠳᠡᠪᠱᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠳᠤ ᠬᠠᠤᠯᠢ᠎ᠪᠠᠷ ᠵᠠᠰᠠᠬᠤ ᠰᠠᠭᠤᠷᠢ᠎ᠶ᠋ᠢ ᠪᠡᠬᠢᠵᠢᠭᠦᠯᠪᠡ᠃ ᠲᠠᠢᠸᠠᠨ᠎ᠢ ᠡᠭᠡᠭᠦᠯᠦᠨ ᠠᠪᠤᠭᠰᠠᠨ ᠳᠤᠷᠠᠰᠭᠠᠯ᠎ᠤᠨ ᠡᠳᠦᠷ᠎ᠢ ᠲᠤᠬᠳᠠᠭᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠠᠬ᠎ᠠ ᠳᠡᠭᠦᠦ᠍᠎ᠨᠡᠷ᠎ᠦᠨ ᠦᠨᠳᠦᠰᠦᠲᠡᠨ᠎ᠦ ᠲᠡᠦᠬᠡ᠎ᠶ᠋ᠢᠨ ᠬᠠᠮᠲᠤ᠎ᠶ᠋ᠢᠨ ᠤᠢ ᠰᠠᠭᠤᠬᠳᠠᠯᠢ ᠴᠢᠩᠭᠠᠳᠭᠠᠪᠠ᠃ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ᠂ ᠲᠠᠨᠭᠰᠠᠯᠠᠵᠤ ᠬᠢᠨᠠᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠬᠣᠶᠠᠷ᠎ᠲᠤ᠂ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠵᠤ᠂ ᠴᠢᠨᠠᠷ ᠰᠠᠢᠲᠠᠶ ᠬᠠᠤᠯᠢ ᠲᠣᠭ᠍ᠲᠠᠭᠠᠬᠤ᠎ᠪᠠᠷ ᠥᠭᠡᠷᠡᠴᠢᠯᠡᠯᠲᠡ ᠬᠥᠭ᠌ᠵᠢᠯᠲᠡ᠎ᠳᠦ ᠦᠢᠯᠡᠴᠢᠯᠡᠭᠡ ᠪᠠ ᠪᠠᠳᠤᠯᠠᠭ᠎ᠠ ᠬᠠᠩᠭᠠᠪᠠ᠃ ᠬᠠᠦᠯᠢ᠎ᠶᠢ ᠲᠤᠭᠳᠠᠭᠠᠬᠤ ᠵᠠᠰᠠᠪᠤᠷᠢ ᠤᠷᠤᠭᠤᠯᠬᠤ ᠬᠦᠴᠦᠨ ᠦᠭᠡᠢ ᠪᠤᠯᠭᠠᠬᠤ ᠲᠠᠢᠯᠪᠤᠷᠢᠯᠠᠬᠤ ᠨᠠᠢᠷᠠᠭᠤᠯᠬᠤ᠎ᠶᠢ ᠨᠢᠭᠡᠳᠦᠯᠳᠠᠢ ᠲᠦᠯᠦᠪᠵᠢᠭᠦᠯᠵᠤ᠂ ᠨᠢᠭᠡ ᠵᠢᠯ᠎ᠤᠨ ᠲᠤᠷᠰᠢ ᠬᠠᠤᠯᠢ ᠴᠠᠭᠠᠵᠠ᠂ ᠬᠠᠤᠯᠢ ᠴᠠᠭᠠᠵᠠ᠎ᠶ᠋ᠢᠨ ᠲᠤᠬᠠᠢ ᠲᠠᠢᠯᠪᠤᠷᠢᠯᠠᠯᠲᠠ᠂ ᠲᠣᠭ᠍ᠲᠠᠭᠠᠯ᠎ᠤᠨ ᠲᠥᠰᠦᠯ᠎ᠢ ᠨᠡᠢ᠌ᠳᠡ 40 ᠬᠤᠪᠢ ᠬᠢᠨᠠᠨ ᠵᠦᠪᠯᠡᠵᠤ᠂ ᠲᠡᠭᠦᠨ᠎ᠤ ᠳᠤᠳᠤᠷᠡᠬᠢ 24 ᠶᠢ ᠨᠢ ᠪᠠᠳᠤᠯᠠᠪᠠ᠂ ᠡᠭᠦᠨ᠎ᠳᠦ 6 ᠬᠤᠪᠢ ᠬᠠᠤᠯᠢ ᠴᠠᠭᠠᠵᠠ᠎ᠶ᠋ᠢ ᠲᠣᠭ᠍ᠲᠠᠭᠠᠭᠰᠠᠨ᠂ 14 ᠬᠠᠤᠯᠢ ᠴᠠᠭᠠᠵᠠ᠎ᠳᠤ ᠵᠠᠰᠠᠪᠤᠷᠢ ᠣᠷᠣᠭᠤᠯᠤᠭᠰᠠᠨ ᠵᠡᠷᠭᠡ᠎ᠶ᠋ᠢ ᠪᠠᠭ᠍ᠲᠠᠭᠠᠨ᠎ᠠ᠃ ᠭᠤᠷᠪᠠ᠎ᠳᠤ᠂ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ ᠳ᠋ᠡᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ᠃ ᠬᠢᠨᠠᠯᠲᠠ ᠲᠠᠯᠪᠢᠬᠤ ᠠᠵᠢᠯ᠎ᠤᠨ ᠲᠤᠬᠠᠢ 22 ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠤ᠂ ᠬᠠᠤᠯᠢ ᠴᠠᠭᠠᠵᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠤᠨ 5 ᠬᠤᠪᠢ ᠮᠡᠳᠡᠬᠦᠯᠦᠯᠳᠡ᠎ᠶᠢ ᠪᠠᠢᠴᠠᠭᠠᠵᠤ᠂ 2 ᠤᠳᠠᠭᠠᠨ᠎ᠤ ᠲᠤᠰᠭᠠᠢ ᠰᠡᠳᠦᠪᠲᠦ ᠵᠦᠪᠯᠡᠯᠬᠡ ᠦᠬᠬᠦ᠂ 11 ᠵᠦᠢᠯ᠎ᠦᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 1 ᠱᠢᠢᠳᠪᠦᠷᠢ᠎ᠶᠢ ᠲᠤᠬᠳᠠᠭᠠᠪᠠ᠃ ᠳᠥᠷᠪᠡ᠎ᠳᠦ᠂ ᠲᠥᠯᠥᠭᠡᠯᠡᠭ᠌ᠴᠢᠳ᠎ᠦᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠨᠠᠩ ᠰᠠᠢᠳᠤᠷ ᠪᠠᠳᠠᠷᠠᠭᠤᠯᠪᠠ᠃ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠥᠯᠥᠭᠡᠯᠡᠭ᠌ᠴᠢ᠎ᠵᠢᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠬᠡᠷᠡᠭ᠌ᠵᠢᠭᠦᠯᠵᠦ᠍᠂ ᠲᠥᠯᠥᠭᠡᠯᠡᠭ᠌ᠴᠢ᠎ᠶᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠲᠥᠯᠥᠭᠡᠯᠡᠭ᠌ᠴᠢᠳ᠎ᠲᠦ ᠨᠢᠬᠳᠠ ᠲᠦᠱᠢᠭ᠌ᠯᠡᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠳᠡᠮᠵᠢᠨ ᠪᠠᠲᠤᠯᠠᠪᠠ᠃ ᠲᠠᠪᠤ᠎ᠳᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠲᠠᠢ ᠬᠠᠷᠢᠯᠴᠠᠬᠤ ᠣᠨᠴᠠᠯᠢᠭ ᠳᠠᠪᠠᠭᠤᠯᠢᠭ᠎ᠢ ᠪᠠᠳᠠᠷᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢᠨ ᠶᠡᠬᠡ ᠲᠠᠯ᠎ᠠ᠎ᠳᠤ ᠦᠢᠯᠡᠴᠢᠯᠡᠪᠡ᠃ ᠵᠢᠷᠭᠤᠭ᠎ᠠ᠎ᠳᠤ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠠ ᠲᠦᠪᠱᠢᠨ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ ᠭᠡᠵᠤ ᠵᠢᠭᠠᠵᠤ ᠭᠠᠷᠭᠠᠵᠠᠢ᠃
ᠮᠡᠳᠡᠭᠦᠯᠦᠯᠳᠡ᠎ᠳᠦ᠂ ᠵᠣᠣ ᠯᠸ ᠵᠢᠶ᠂ ᠠᠵᠢᠯ᠎ᠤᠨ ᠳᠤᠮᠳᠠ ᠵᠠᠷᠢᠮ ᠵᠥᠷᠢᠶ᠎ᠡ ᠪᠠ ᠬᠦᠷᠦᠯᠴᠡᠬᠦ᠌ ᠥᠬᠡᠶ ᠲᠠᠯ᠎ᠠ ᠪᠠᠰᠠ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠡᠷ ᠲᠠᠨᠢᠵᠤ᠂ ᠲᠥᠯᠥᠭᠡᠯᠡᠭ᠌ᠴᠢᠳ ᠪᠠ ᠡᠯ᠎ᠡ ᠲᠠᠯ᠎ᠠ᠎ᠶ᠋ᠢᠨ ᠬᠢᠨ᠎ᠦ ᠰᠠᠨᠠᠯ ᠰᠠᠨᠠᠭᠤᠯᠭ᠎ᠠ᠎ᠶ᠋ᠢ ᠳᠠᠷᠤᠤ ᠬᠢᠴᠢᠶᠡᠩᠭᠦᠶᠰᠣᠨᠣᠰᠴᠤ᠌᠂ ᠠᠷᠠᠳ ᠲᠦᠮᠡᠨ᠎ᠦ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠠᠵᠢᠯ᠎ᠢᠶᠠᠨ ᠲᠠᠰᠤᠷᠠᠯᠲᠠ ᠥᠬᠡᠶ ᠴᠢᠩᠭᠠᠳᠭᠠᠨ ᠰᠠᠢᠵᠢᠷᠠᠭᠤᠯᠬᠤ ᠬᠡᠷᠡᠭᠳᠡᠢ ᠪᠠᠢᠨ᠎ᠠ ᠭᠡᠵᠤ ᠵᠢᠭᠠᠵᠤ ᠭᠠᠷᠭᠠᠪᠠ᠃
ᠮᠡᠳᠡᠭᠦᠯᠦᠯᠲᠡ᠎ᠳᠦ᠂ ᠵᠤᠤ ᠯᠸ ᠵᠶ᠋ᠢ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶ᠋ᠢᠨ ᠵᠢᠯ ᠪᠣᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ᠎ᠵᠢᠨ᠎ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ᠎ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ 《ᠬᠣᠶᠠᠷ᠎ᠢ ᠲᠣᠭ᠍ᠲᠠᠭᠠᠬᠰᠡᠨ》᠎ᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》᠎ᠢᠶᠠᠨ ᠴᠢᠩᠭᠠᠳᠭᠠᠵᠤ᠂ 《ᠲᠦᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠎ᠶ᠋ᠢ ᠪᠠᠷᠢᠮᠲᠠᠯᠠᠨ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠤ᠂ ᠰᠠᠢᠲᠤᠷ ᠬᠡᠷᠡᠭᠵᠢᠬᠦᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠣᠭ᠍ᠲᠠᠭᠤᠨ᠎ᠤ ᠲᠤᠮᠳᠠ ᠠᠬᠢᠯᠳᠠ ᠲᠠᠢ ᠪᠤᠯᠭᠠᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠦᠵᠡᠬᠦᠯᠪᠡᠰᠤ ᠵᠤᠬᠢᠬᠤ ᠬᠤᠪᠢ ᠨᠠᠮᠡᠷᠢ ᠪᠡᠨ ᠦᠵᠡᠬᠦᠯᠬᠦ ᠬᠡᠷᠡᠭᠳᠡᠢ ᠭᠡᠵᠤ ᠵᠢᠭᠠᠵᠤ ᠭᠠᠷᠭᠠᠪᠠ᠃
ᠵᠤᠤ ᠯᠸ ᠵᠶ᠋ᠢ ᠮᠡᠳᠡᠭᠦᠯᠦᠯᠲᠡ᠎ᠳᠡᠭᠡᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠪᠠᠢᠷᠢᠯᠠᠭᠤᠯᠵᠡᠢ᠄ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠦᠨᠳᠦᠰᠦᠨ ᠬᠠᠤᠯᠢ᠎ᠶ᠋ᠢᠨ ᠬᠣᠯᠪᠣᠭ᠍ᠳᠠᠯ ᠪᠦᠬᠦᠢ ᠬᠠᠤᠯᠢ ᠲᠦᠷᠢᠮ᠎ᠢ ᠲᠡᠭᠦᠯᠳᠡᠷᠵᠢᠭᠦᠯᠵᠦ᠍᠂ ᠦᠨᠳᠦᠰᠦᠨ ᠬᠠᠤᠯᠢ᠎ᠶ᠋ᠢᠨ ᠬᠠᠤᠯᠢ ᠲᠣᠭ᠍ᠲᠠᠭᠠᠯᠲᠠ᠎ᠳᠠᠬᠢ ᠭᠣᠣᠯᠯᠠᠭ᠍ᠴᠢ ᠪᠠᠢᠷᠢ ᠰᠠᠭᠤᠷᠢ ᠦᠢᠯᠡᠳᠦᠯ ᠴᠢᠳᠠᠪᠦᠷᠢ᠎ᠶ᠋ᠢ ᠪᠦᠬᠦ᠌ ᠲᠠᠯ᠎ᠠ᠎ᠪᠠᠷ ᠪᠠᠳᠠᠷᠠᠭᠤᠯᠤᠨ᠎ᠠ; ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ᠂ ᠱᠢᠨ᠎ᠡ᠎ᠪᠡᠷ ᠮᠠᠨᠳᠤᠬᠰᠡᠨ ᠬᠦᠷᠢᠶ᠎ᠡ ᠴᠠᠷᠠᠭ᠎ᠠ᠂ ᠭᠠᠳᠠᠭᠠᠳᠤ᠎ᠳᠤ ᠬᠣᠯᠪᠣᠭ᠍ᠳᠠᠬᠤ ᠬᠦᠷᠢᠶᠡᠨ᠎ᠳ᠋ᠡᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠬᠤ ᠴᠢᠨᠠᠷ ᠴᠢᠨᠰᠠᠭ᠎ᠠ᠎ᠶ᠋ᠢ ᠬᠦᠴᠦᠯᠡᠨ ᠳᠡᠭᠡᠭ᠌ᠰᠢᠯᠡᠭᠦᠯᠦᠨ᠎ᠡ; ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠣᠳᠠᠲᠤ ᠦᠷ᠎ᠠ ᠪᠦᠳᠤᠮᠵᠢᠳᠤ ᠴᠢᠨᠠᠷ᠎ᠢ ᠤᠯᠠᠮ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠬᠦᠯᠢᠶᠡᠰᠦᠯᠠᠵᠤ ᠪᠠᠢᠭ᠎ᠠ ᠲᠤᠪᠤᠢ᠌ᠮ᠎ᠠ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠡᠯ᠎ᠡ ᠲᠠᠯ᠎ᠠ᠎ᠶ᠋ᠢᠨ ᠠᠵᠢᠯ᠎ᠤᠨ ᠬᠠᠤᠯᠢᠵᠢᠯᠳᠠ᠎ᠶ᠋ᠢ ᠠᠬᠢᠭᠤᠯᠤᠨ᠎ᠠ; ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠨ ᠦᠢᠯᠡᠴᠢᠯᠡᠵᠦ᠍᠂ ᠲᠥᠯᠥᠭᠡᠯᠡᠭ᠌ᠴᠢᠳ᠎ᠦᠨ ᠠᠷᠠᠳ ᠤᠯᠠᠨ ᠲᠠᠢ ᠨᠢᠭ᠍ᠲᠠ ᠬᠠᠷᠢᠯᠴᠠᠬᠤ᠎ᠶ᠋ᠢ ᠲᠡᠮᠵᠢᠵᠤ᠂ ᠠᠷᠠᠳ᠎ᠤᠨ ᠰᠠᠨᠠᠭ᠎ᠠ ᠠᠷᠠᠳ᠎ᠤᠨ ᠤᠶᠤᠨ ᠤᠬᠠᠭᠠᠨ᠎ᠢ ᠵᠥᠪᠯᠡᠯᠭᠡ ᠰᠠᠨᠠᠭᠤᠯᠭ᠎ᠠ ᠪᠠ ᠬᠢᠨᠠᠨ ᠵᠦᠪᠯᠡᠵᠤ ᠦᠬᠡ ᠶᠠᠷᠢᠬᠤ ᠲᠤᠮᠳᠠ ᠨᠡᠩ ᠰᠠᠢ᠌ᠳᠤᠷ ᠢᠯᠡᠷᠡᠬᠦᠯᠦᠨ᠎ᠡ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠲᠠᠢ ᠬᠠᠷᠢᠯᠴᠠᠬᠤ᠎ᠶ᠋ᠢ ᠢᠳᠡᠪᠬᠢᠲᠡᠢ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠭᠠᠳᠠᠭᠠᠳᠤ ᠤᠯᠤᠰ᠎ᠤᠨ ᠵᠥᠪᠯᠡᠯᠭᠡᠨ᠎ᠦ ᠬᠤᠷᠠᠯ᠂ ᠤᠯᠠᠨ ᠤᠯᠤᠰ᠎ᠤᠨ ᠪᠠ ᠭᠠᠵᠠᠷ ᠣᠷᠣᠨ᠎ᠤ ᠵᠥᠪᠯᠡᠯᠭᠡᠨ᠎ᠦ ᠬᠤᠷᠠᠯ᠎ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠨ᠎ᠠ; 《ᠳᠥᠷᠪᠡᠨ ᠪᠠᠢᠭᠤᠯᠭ᠎ᠠ》᠎ᠶᠢᠨ ᠪᠠᠢᠭᠤᠯᠤᠯᠲᠠ᠎ᠶ᠋ᠢ ᠯᠠᠪᠳᠠᠭᠤᠨᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠦᠨ᠎ᠡ᠃
ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠳᠠᠷᠤᠭ᠎ᠠ ᠵᠠᠩ ᠵᠢᠶᠦ᠋ᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠳᠡᠭᠡᠨ᠂ 2025 ᠣᠨ᠎ᠳᠤ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠶ᠋ᠴᠡᠳᠭᠡᠵᠦ᠍᠂ ᠴᠢᠨᠠᠷ ᠰᠠᠢᠲᠠᠶ ᠬᠠᠤᠯᠢ ᠪᠠᠷᠢᠬᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠯᠡᠨ ᠦᠶ᠋ᠯᠡᠴᠢᠯᠡᠵᠦ᠍᠂ ᠡᠯ᠎ᠡ ᠵᠦᠶ᠋ᠯ᠎ᠦᠨ ᠠᠵᠢᠯ ᠱᠢᠨ᠎ᠡ ᠠᠬᠢᠴᠠ ᠲᠠᠢ ᠪᠣᠯᠪᠠ᠃ ᠠᠷᠠᠳ᠎ᠤᠨ ᠳᠡᠭᠡᠳᠦ ᠱᠢᠭᠦᠬᠦ᠌ ᠬᠣᠷᠢᠶ᠎ᠠ 29154 ᠬᠡᠷᠡᠭ᠎ᠢ ᠬᠦᠯᠢᠶᠠᠨ ᠠᠪᠴᠤ᠌᠂ 31958 ᠬᠡᠷᠡᠭ᠎ᠢ ᠱᠢᠭᠦᠨ ᠳᠠᠭᠤᠰᠭᠠᠵᠤ᠂ ᠲᠡᠬᠡᠷ᠎ᠡ ᠵᠢᠯ᠎ᠤᠨ ᠬᠢ᠎ᠡᠴᠡ ᠲᠤᠰ ᠲᠤᠰ 16.5%᠂ 1.8%᠎ᠪᠠᠷ ᠪᠠᠭᠤᠷᠠᠪᠠ᠃ ᠪᠦᠬᠦ᠌ ᠤᠯᠤᠰ᠎ᠤᠨ ᠡᠯ᠎ᠡ ᠱᠠᠲᠤᠨ᠎ᠤ ᠱᠢᠭᠦᠬᠦ᠌ ᠬᠣᠷᠢᠶ᠎ᠠ 3748.6 ᠲᠦᠮᠡᠨ ᠬᠡᠷᠡᠭ᠎ᠢ ᠬᠦᠯᠢᠶᠡᠨ ᠠᠪᠴᠤ ᠰᠢᠢᠳᠪᠦᠷᠢᠯᠡᠵᠤ ᠱᠢᠭᠦᠨ ᠲᠠᠰᠤᠯᠤᠬᠰᠠᠨ ᠪᠠ ᠭᠦᠢᠴᠡᠳᠭᠡᠵᠦ᠍᠂ 3620 ᠲᠦᠮᠡᠨ ᠬᠡᠷᠡᠭ᠎ᠢ ᠱᠢᠭᠦᠨ ᠳᠠᠭᠤᠰᠭᠠᠵᠤ ᠭᠦᠢᠴᠡᠳᠭᠡᠨ ᠳᠠᠭᠤᠰᠭᠠᠵᠤ᠂ ᠲᠡᠬᠡᠷ᠎ᠡ ᠵᠢᠯ᠎ᠤᠨ ᠬᠢ᠎ᠡᠴᠡ ᠲᠤᠰ ᠲᠤᠰ 10.8%᠂ 8.9%᠎ᠪᠠᠷ ᠨᠡᠮᠡᠭ᠌ᠳᠡᠵᠠᠢ ᠭᠡᠵᠤ ᠵᠢᠭᠠᠵᠤ ᠭᠠᠷᠭᠠᠪᠠ᠃
ᠲᠥᠪ ᠭᠣᠣᠯᠴᠢ ᠱᠢᠳᠤᠷᠭᠤ ᠶᠣᠰᠣ᠎ᠶ᠋ᠢ ᠬᠢᠴᠢᠶᠡᠩᠭᠦᠢᠯᠡᠨ ᠰᠠᠬᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩ ᠵᠢᠶᠦ᠋ᠨ 2025 ᠣᠨ᠎ᠤ ᠠᠵᠢᠯ᠎ᠢ ᠡᠷᠭᠢᠴᠡᠭᠦᠯᠪᠡ᠄ ᠴᠢᠨᠠᠷ ᠰᠠᠢᠲᠠᠢ ᠬᠠᠤᠯᠢ ᠪᠠᠷᠢᠬᠤ᠎ᠪᠠᠷ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠠᠲᠤᠯᠠᠪᠠ; ᠴᠢᠨᠠᠷ ᠰᠠᠢᠲᠠᠶ ᠬᠠᠤᠯᠢ ᠪᠠᠷᠢᠬᠤ ᠦᠶ᠋ᠯᠡᠴᠢᠯᠡᠭᠡ᠎ᠪᠡᠷ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠪᠠ; ᠴᠢᠨᠠᠷ ᠰᠠᠢᠲᠠᠶ ᠬᠠᠤᠯᠢ ᠪᠠᠷᠢᠬᠤ᠎ᠪᠠᠷ ᠴᠢᠨᠠᠷ ᠰᠠᠢᠲᠠᠶ ᠠᠮᠢᠳᠤᠷᠠᠯ᠎ᠢ ᠰᠠᠬᠢᠨ ᠬᠠᠮᠠᠭᠠᠯᠠᠪᠠ; ᠴᠢᠨᠠᠷ ᠰᠠᠢᠲᠠᠶ ᠬᠠᠤᠯᠢ ᠪᠠᠷᠢᠬᠤ᠎ᠪᠠᠷ ᠥᠨᠳᠥᠷ ᠲᠦᠪᠱᠢᠨ ᠪᠥᠬᠥᠶ ᠨᠡᠭᠡᠭᠡᠯᠲᠡ᠎ᠳᠦ ᠬᠦᠴᠦᠨ ᠨᠡᠮᠡᠷᠢᠯᠡᠪᠠ; ᠬᠠᠤᠯᠢ ᠪᠠᠷᠢᠬᠤ ᠡᠷᠬᠡ᠎ᠶ᠋ᠢᠨ ᠠᠵᠢᠯᠯᠠᠭ᠎ᠠ᠎ᠨᠢ ᠵᠢᠷᠤᠮᠵᠢᠭᠤᠯᠪᠠ; ᠤᠬᠠᠮᠰᠠᠷ᠎ᠡᠴᠡ᠎ᠪᠠᠨ ᠡᠯ᠎ᠡ ᠲᠠᠯ᠎ᠠ᠎ᠶ᠋ᠢᠨ ᠬᠢᠨᠠᠯᠲᠠ᠎ᠶ᠋ᠢ ᠬᠦᠯᠢᠶᠡᠪᠡ᠃
ᠵᠠᠩ ᠵᠢᠶᠦ᠋ᠨ ᠮᠡᠳᠡᠭᠦᠯᠦᠯᠲᠡ᠎ᠳᠡᠭᠡᠨ᠂ 2026 ᠣᠨ᠎ᠳᠤ᠂ ᠠᠷᠠᠳ᠎ᠤᠨ ᠱᠢᠭᠦᠬᠦ᠌ ᠬᠣᠷᠢᠶ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠬᠠᠤᠯᠢ᠎ᠪᠠᠷ ᠵᠠᠰᠬᠠᠤ ᠢᠲᠡᠭᠡᠯ᠎ᠢᠶᠡᠨ ᠪᠠᠲᠤᠳᠭᠠᠵᠤ᠂ ᠬᠠᠤᠯᠢ᠎ᠪᠠᠷ ᠵᠠᠰᠠᠬᠤ᠎ᠶᠢᠨ ᠥᠭᠡᠷᠡᠴᠢᠯᠡᠯᠲᠡ᠂ ᠬᠥᠭ᠌ᠵᠢᠯᠲᠡ᠂ ᠲᠣᠭ᠍ᠲᠠᠭᠤᠨᠯᠤᠭᠠ ᠬᠠᠮᠵᠢᠯᠴᠠᠬᠤ᠎ᠶ᠋ᠢ ᠨᠡᠩ ᠴᠢᠬᠤᠯᠠᠴᠢᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠤ᠂ ᠱᠢᠨ᠎ᠡ ᠴᠠᠭ ᠦᠶ᠎ᠡ᠎ᠶ᠋ᠢᠨ ᠱᠢᠭᠦᠨ ᠲᠠᠰᠤᠯᠬᠤ ᠠᠵᠢᠯ᠎ᠢ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃ ᠦᠨᠡᠨᠴᠢ ᠱᠢᠳᠤᠷᠭᠤ᠎ᠪᠠᠷ ᠲᠤᠱᠢᠶᠠᠯ᠎ᠢᠶᠠᠨ ᠭᠦᠢᠴᠡᠳᠭᠡᠵᠦ᠍᠂ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠌ᠶᠢ ᠭᠦᠨᠵᠡᠭᠡᠢ ᠪᠤᠳᠠᠳᠠᠢ ᠬᠢᠨ᠎ᠠ; ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠲᠥᠪ ᠭᠣᠣᠯᠴᠢ᠎ᠪᠠᠷ ᠬᠠᠤᠯᠢ ᠪᠠᠷᠢᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠦᠨ᠎ᠠ; ᠴᠢᠩᠭ᠎ᠠ ᠬᠠᠮᠢᠶᠠᠷᠴᠤ᠌ ᠭᠦᠨ ᠬᠠᠢᠷᠠᠯᠠᠵᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠱᠢᠨ᠎ᠡ ᠴᠠᠭ ᠦᠶ᠎ᠡ᠎ᠶ᠋ᠢᠨ ᠱᠢᠭᠦᠬᠦ᠌ ᠬᠤᠷᠢᠶ᠎ᠠ᠎ᠶᠢᠨ ᠲᠡᠮᠤᠷ ᠴᠡᠷᠢᠭ᠎ᠢ ᠳᠠᠪᠲᠠᠨ ᠪᠣᠯᠪᠠᠰᠤᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠳᠦᠬᠡᠨ ᠪᠠᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠪᠠᠢᠨ᠎ᠠ ᠭᠡᠵᠦ᠍ ᠢᠯᠡᠳᠭᠡᠪᠡ᠃
ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ ᠶᠢᠩ ᠶᠦᠩ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠳᠡᠭᠡᠨ᠂ 2025 ᠣᠨ᠎ᠳᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠢ᠎ᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ᠎ᠳᠦ ᠢᠳᠡᠪᠬᠢᠳᠡᠢ ᠠᠭᠤᠰᠤᠯᠴᠠᠵᠤ᠂ ᠶᠡᠬᠡ ᠲᠠᠯ᠎ᠠ᠎ᠳᠤ ᠦᠢᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ᠎ᠪᠠᠷ ᠵᠠᠰᠠᠬᠤ᠎ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠠᠷᠢᠮᠲᠠᠯᠠᠵᠤ᠂ ᠪᠠᠢᠴᠠᠭᠠᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠬᠡᠷᠡᠭ ᠪᠦᠷᠢ᠎ᠶ᠋ᠢ ᠴᠢᠨᠠᠷ ᠰᠠᠢᠲᠠᠢ ᠪᠦᠲᠦᠮᠵᠢᠲᠡᠢ ᠰᠠᠢᠲᠤᠷ ᠱᠢᠢᠳᠪᠦᠷᠢᠯᠡᠵᠦ᠍᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠪᠠᠢᠴᠠᠭᠠᠬᠤ ᠦᠢᠯᠡᠳᠦᠯᠭᠡ᠎ᠶ᠋ᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ᠎ᠦᠨ ᠪᠠᠢᠴᠠᠭᠠᠬᠤ ᠠᠵᠢᠯ ᠱᠢᠨ᠎ᠡ ᠦᠷ᠎ᠡ ᠪᠦᠲᠦᠮᠵᠢ ᠤᠯᠪᠠ᠃ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠡᠯ᠎ᠡ ᠲᠦᠷᠦᠯ᠎ᠦᠨ ᠬᠡᠷᠡᠭ᠎ᠢ ᠨᠡᠢ᠌ᠳᠡ 346.7 ᠲᠦᠮᠡᠨ ᠬᠤᠪᠢ ᠱᠢᠢᠳᠪᠦᠷᠢᠯᠡᠪᠠ᠂ ᠡᠭᠦᠨ᠎ᠦ ᠳᠣᠲᠣᠷ᠎ᠠ ᠠᠷᠠᠳ᠎ᠤᠨ ᠳᠡᠭᠡᠳᠦ ᠪᠠᠢᠴᠠᠭᠠᠬᠤ ᠬᠣᠷᠢᠢ᠎ᠠ 8151 ᠬᠡᠷᠡᠭ᠎ᠢ ᠱᠢᠢᠳᠪᠦᠷᠢᠯᠡᠪᠡ ᠭᠡᠵᠦ ᠵᠢᠭᠠᠵᠤ ᠭᠠᠷᠭᠠᠪᠠ᠃
ᠶᠢᠩ ᠶᠦᠩ 2025 ᠣᠨ᠎ᠤ ᠠᠵᠢᠯ᠎ᠢ ᠡᠷᠭᠢᠴᠡᠭᠦᠯᠪᠡ᠄ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠲᠤᠭᠤᠱᠢᠯᠠᠭᠤᠯᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ; ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠪᠡ; ᠠᠷᠠᠳ᠎ᠤᠨ ᠠᠮᠢᠳᠤᠷᠠᠯ᠎ᠢᠶᠠᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠪᠠ; ᠪᠠᠢᠴᠠᠭᠠᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠪᠠ; ᠬᠢᠨᠠᠯᠲᠠ᠎ᠶ᠋ᠢ ᠬᠦᠯᠢᠶᠡᠬᠦ᠌ ᠤᠬᠠᠮᠰᠠᠷ᠎ᠢᠶᠠᠨ ᠴᠢᠩᠭᠠᠳᠭᠠᠵᠤ᠂ ᠪᠠᠢᠴᠠᠭᠠᠬᠤ ᠡᠷᠬᠡ᠎ᠶ᠋ᠢᠨ ᠢᠮᠠᠭ᠍ᠲᠠ ᠬᠠᠤᠯᠢ᠎ᠪᠠᠷ ᠵᠠᠰᠠᠬᠤ ᠵᠠᠮ᠎ᠢᠶᠠᠷ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠪᠠ; ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠪᠠᠳᠤ ᠴᠢᠩᠭ᠎ᠠ ᠪᠠᠢᠴᠠᠭᠠᠬᠤ ᠡᠩᠨᠡᠭᠡ᠎ᠶᠢᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠪᠠ᠃
ᠶᠢᠩ ᠶᠦᠩ ᠮᠡᠳᠡᠭᠦᠯᠦᠯᠲᠡ᠎ᠳᠡᠭᠡᠨ᠂ 2026 ᠣᠨ᠎ᠳᠤ᠂ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠠᠤᠯᠢ᠎ᠪᠠᠷ ᠵᠠᠰᠠᠬᠤ᠎ᠶᠢᠨ ᠥᠭᠡᠷᠡᠴᠢᠯᠡᠯᠲᠡ᠂ ᠬᠥᠭ᠌ᠵᠢᠯᠲᠡ᠂ ᠲᠣᠭ᠍ᠲᠠᠭᠤᠨ ᠯᠤᠭ᠎ᠠ᠎ᠶᠢᠨ ᠬᠠᠮᠵᠢᠯᠴᠠᠭ᠎ᠠ᠎ᠶ᠋ᠢ ᠨᠡᠩ ᠴᠢᠬᠤᠯᠠᠴᠢᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠤ᠂ ᠤᠯᠤᠰ᠎ᠤᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ ᠬᠡᠷᠡᠭᠳᠡᠢ᠃ ᠪᠠᠢᠴᠠᠭᠠᠬᠤ ᠠᠵᠢᠯ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠳᠦ ᠨᠡᠩ ᠰᠠᠢᠲᠤᠷ ᠦᠢᠯᠡᠴᠢᠯᠡᠵᠦ᠍᠂ ᠠᠷᠠᠳ᠎ᠤᠨ ᠲᠥᠯᠥᠭᠡ ᠪᠠᠢᠴᠠᠭᠠᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠠᠢᠴᠠᠭᠠᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠴᠢᠩᠭᠠᠳᠭᠠᠵᠤ᠂ ᠪᠠᠢᠴᠠᠭᠠᠬᠤ ᠡᠩᠨᠡᠭᠡ᠎ᠶᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭᠳᠡᠢ ᠪᠠᠢᠨ᠎ᠠ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠰᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠠᠤᠯᠢ ᠴᠠᠭᠠᠵᠠ᠎ᠶ᠋ᠢ ᠡᠮᠬᠢᠯᠡᠨ ᠴᠡᠭᠴᠡᠯᠡᠭᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠪᠣᠯᠤᠨ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠵᠡᠢ᠃
ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2878 ᠬᠥᠮᠦᠨ ᠪᠤᠢ᠂ 2760 ᠬᠥᠮᠦᠨ ᠬᠤᠷᠠᠯ᠎ᠳᠦ ᠣᠷᠣᠯᠴᠠᠵᠤ᠂ 118 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠬᠤᠷᠠᠯ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠶ᠋ᠴᠡᠳᠭᠡᠬᠦ᠌ ᠲᠡᠷᠢᠭᠦᠯᠡᠭ᠌ᠴᠢ ᠯᠢ ᠬᠣᠩ ᠵᠥᠩ ᠡᠷᠭᠢᠯᠡᠪᠡ᠃
ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠢᠦᠢ ᠸᠧᠢ ᠭᠦᠸᠧ᠂ ᠸᠠᠩ ᠨᠢᠩ᠂ ᠸᠠᠩ ᠸᠧᠢ ᠵᠦᠩ᠂ ᠸᠠᠩ ᠵᠦᠩ ᠯᠢᠨ᠂ ᠸᠠᠩ ᠱᠢᠶᠤᠤ ᠬᠤᠢ᠂ ᠸᠠᠩ ᠬᠤᠤ᠂ ᠪᠠᠶᠠᠨᠴᠢᠯᠠᠭᠤ᠂ ᠹᠸᠩ ᠹᠸᠢ᠂ ᠯᠢᠦ ᠢ ᠯᠢᠶᠠᠩ᠂ ᠳ᠋ᠦ᠋ ᠵᠢᠶᠠ ᠬᠤᠤ᠂ ᠯᠢ ᠱᠢᠤ ᠯᠢᠩ᠂ ᠶᠠᠩ ᠱᠢᠶᠤᠤ ᠴᠤᠤ᠂ ᠦ᠋ ᠱᠢᠶᠤᠤ ᠵᠢᠶᠦ᠋ᠨ᠂ ᠵᠠᠩ ᠱᠧᠩ ᠮᠢᠨ᠂ ᠴᠧᠨ ᠱᠢᠶᠤᠤ ᠵᠢᠶᠠᠩ᠂ ᠯᠢᠨ ᠦ᠋᠂ ᠵᠧᠦ ᠽᠦ᠍ ᠢ᠂ ᠵᠤᠤ ᠢ ᠳ᠋ᠸ᠂ ᠨᠢ ᠶᠤᠸᠠᠢ ᠹᠸᠩ᠂ ᠬᠤᠸᠠᠩ ᠯᠢ ᠱᠢᠨ᠂ ᠬᠤᠸᠠᠩ ᠴᠢᠶᠠᠩ᠂ ᠬᠤᠸᠠᠩ ᠴᠦ ᠫᠢᠩ᠂ ᠯᠦᠸᠧ ᠱᠤ᠌ ᠭᠠᠩ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃
ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 9 ᠤ ᠴᠠᠬᠢᠯᠭᠠᠨ ᠮᠡᠳᠡᠭᠡ