ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
《ᠬᠤᠩᠱᠠᠨ᠎ᠤ ᠨᠡᠢᠭᠡᠮ᠎ᠦᠨ ᠪᠣᠯᠪᠠᠰᠤᠨ᠎ᠤ ᠠᠬᠢᠴᠠ᠎ᠶᠢᠨ ᠰᠤᠳᠤᠯᠤᠯ》 ᠳᠡᠯᠡᠬᠡᠢ᠎ᠶᠢᠨ ᠬᠠᠭᠤᠴᠢ ᠰᠤᠳᠤᠯᠤᠯ᠎ᠤᠨ ᠶᠠᠷᠢᠶᠠᠨ᠎ᠤ ᠲᠠᠪᠴᠠᠩ᠎ᠤᠨ ᠴᠢᠬᠤᠯᠠ ᠶᠡᠬᠡ ᠦᠷ᠎ᠡ  ᠪᠦᠲᠦᠭᠡᠯ᠎ᠢᠶᠡᠷ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-12-19

12 ᠳ᠋ᠤᠭᠠᠷ ᠰᠠᠷ᠎ᠠ᠎ᠶᠢᠨ 16᠎ᠤ ᠡᠳᠦᠷ᠂ ᠵᠢᠷᠭᠤᠳᠤᠭᠠᠷ ᠬᠤᠭᠤᠴᠠᠭᠠᠨ᠎ᠤ ᠳᠡᠯᠡᠬᠡᠢ᠎ᠶᠢᠨ ᠬᠠᠭᠤᠴᠢ ᠰᠤᠳᠤᠯᠤᠯ᠎ᠤᠨ ᠶᠠᠷᠢᠶᠠᠨ᠎ᠤ ᠲᠠᠪᠴᠠᠩ ᠱᠠᠩᠬᠠᠢ᠎ᠳᠤ ᠡᠬᠢᠯᠡᠵᠦ᠂ ᠳᠤᠮᠳᠠᠳᠤ ᠤᠯᠤᠰ᠎ᠤᠨ ᠬᠤᠩᠱᠠᠨ᠎ᠤ ᠨᠡᠢᠭᠡᠮ᠎ᠦᠨ ᠪᠣᠯᠪᠠᠰᠤᠨ᠎ᠤ ᠠᠬᠢᠴᠠ᠎ᠶᠢᠨ ᠰᠤᠳᠤᠯᠤᠯ ᠪᠠ ᠱᠠᠨᠰᠢ᠎ᠶᠢᠨ ᠴᠢᠩ ᠵᠢᠶᠠᠨ ᠵᠠᠢ ᠭᠧᠦ ᠵᠢᠨ ᠪᠠᠭᠤᠷᠢ ᠡᠨᠡ ᠬᠦ᠌ ᠬᠣᠶᠠᠷ ᠵᠦᠢᠯ ᠨᠢ ᠬᠥᠳᠡᠭᠡ ᠬᠡᠭᠡᠷ᠎ᠡ᠎ᠶᠢᠨ ᠬᠠᠭᠤᠴᠢ ᠰᠤᠳᠤᠯᠤᠯ᠎ᠤᠨ ᠴᠢᠬᠤᠯᠠ ᠶᠡᠬᠡ ᠢᠯᠡᠷᠡᠭᠦᠯᠦᠯᠲᠡ᠎ᠶᠢᠨ ᠦᠷ᠎ᠡ ᠪᠦᠲᠦᠭᠡᠯ᠎ᠦᠨ ᠦᠵᠡᠭᠦᠯᠭᠡ᠎ᠳᠦ ᠰᠣᠩᠭᠣᠭᠳᠠᠪᠠ᠃ 

ᠡᠬᠢᠯᠡᠯᠲᠡ᠎ᠶᠢᠨ ᠶᠣᠰᠣᠯᠠᠯ᠎ᠢᠶᠠᠷ ᠵᠢᠷᠭᠤᠳᠤᠭᠠᠷ ᠬᠤᠭᠤᠴᠠᠭᠠᠨ᠎ᠤ ᠳᠡᠯᠡᠬᠡᠢ᠎ᠶᠢᠨ ᠬᠠᠭᠤᠴᠢ ᠰᠤᠳᠤᠯᠤᠯ᠎ᠤᠨ ᠶᠠᠷᠢᠶᠠᠨ᠎ᠤ ᠲᠠᠪᠴᠠᠩ᠎ᠤᠨ ᠬᠥᠳᠡᠭᠡ ᠬᠡᠭᠡᠷ᠎ᠡ᠎ᠶᠢᠨ ᠬᠠᠭᠤᠴᠢ ᠰᠤᠳᠤᠯᠤᠯ᠎ᠤᠨ ᠴᠢᠬᠤᠯᠠ ᠶᠡᠬᠡ ᠢᠯᠡᠷᠡᠭᠦᠯᠦᠯᠲᠡ᠎ᠨᠦᠭᠦᠳ ᠪᠠ ᠬᠠᠭᠤᠴᠢ ᠰᠤᠳᠤᠯᠤᠯ᠎ᠤᠨ ᠴᠢᠬᠤᠯᠠ ᠶᠡᠬᠡ ᠦᠷ᠎ᠡ ᠪᠦᠲᠦᠭᠡᠯ᠎ᠦᠳ᠎ᠢ ᠳᠡᠯᠭᠡᠨ ᠦᠵᠡᠭᠦᠯᠵᠡᠢ᠂ ᠡᠭᠦᠨ᠎ᠳᠦ ᠬᠤᠩᠱᠠᠨ᠎ᠤ ᠨᠡᠢᠭᠡᠮ᠎ᠦᠨ ᠪᠣᠯᠪᠠᠰᠤᠨ᠎ᠤ ᠠᠬᠢᠴᠠ᠎ᠶᠢᠨ ᠰᠤᠳᠤᠯᠤᠯ᠂ ᠳᠤᠮᠳᠠᠳᠤ ᠠᠽᠢᠶ᠎ᠠ᠎ᠶᠢᠨ ᠲᠣᠷᠭᠠᠨ ᠵᠠᠮ᠎ᠤᠨ ᠥᠨᠳᠥᠷᠯᠢᠭ᠎ᠲᠠᠬᠢ ᠬᠤᠳᠠ᠎ᠨᠤᠭᠤᠳ᠎ᠤᠨ ᠬᠦᠢᠰᠦ ᠵᠡᠷᠭᠡ 11 ᠵᠦᠢᠯ᠎ᠦᠨ ᠬᠥᠳᠡᠭᠡ ᠬᠡᠭᠡᠷ᠎ᠡ᠎ᠶᠢᠨ ᠬᠠᠭᠤᠴᠢ ᠰᠤᠳᠤᠯᠤᠯ᠎ᠤᠨ ᠴᠢᠬᠤᠯᠠ ᠶᠡᠬᠡ ᠢᠯᠡᠷᠡᠭᠦᠯᠦᠯᠲᠡ ᠵᠢᠴᠢ 11 ᠵᠦᠢᠯ᠎ᠦᠨ ᠬᠠᠭᠤᠴᠢ ᠰᠤᠳᠤᠯᠤᠯ᠎ᠤᠨ ᠴᠢᠬᠤᠯᠠ ᠶᠡᠬᠡ ᠦᠷ᠎ᠡ ᠪᠦᠲᠦᠭᠡᠯ᠎ᠢ ᠳᠡᠯᠭᠡᠨ ᠦᠵᠡᠭᠦᠯᠪᠡ᠃ 

《ᠬᠤᠩᠱᠠᠨ᠎ᠤ ᠨᠡᠢᠭᠡᠮ᠎ᠦᠨ ᠪᠣᠯᠪᠠᠰᠤᠨ᠎ᠤ ᠠᠬᠢᠴᠠ᠎ᠶᠢᠨ ᠰᠤᠳᠤᠯᠤᠯ》 ᠪᠣᠯ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠵᠢᠶᠠ ᠰᠢᠶᠣᠣ ᠪᠢᠩ᠎ᠦᠨ ᠪᠦᠯᠬᠦᠮ᠎ᠢᠶᠠᠷ ᠲᠥᠷᠦᠭᠦᠯᠡᠭᠰᠡᠨ᠂ ᠯᠢᠶᠣᠤᠨᠢᠩ᠂ ᠥᠪᠥᠷ ᠮᠣᠩᠭᠣᠯ᠂ ᠾᠧᠪᠸᠢ ᠭᠤᠷᠪᠠᠨ ᠮᠤᠵᠢ ᠣᠷᠣᠨ᠎ᠤ ᠬᠠᠭᠤᠴᠢ ᠰᠤᠳᠤᠯᠤᠯ᠎ᠤᠨ ᠰᠣᠶᠣᠯ ᠮᠦᠽᠧᠢ᠎ᠶᠢᠨ ᠨᠢᠭᠡᠴᠢ ᠬᠢᠭᠡᠳ ᠶᠡᠬᠡ ᠳᠡᠭᠡᠳᠦ ᠰᠤᠷᠭᠠᠭᠤᠯᠢ᠎ᠨᠤᠭᠤᠳ ᠬᠠᠮᠲᠤ᠎ᠪᠠᠷ ᠣᠷᠣᠯᠴᠠᠭᠰᠠᠨ 《ᠬᠠᠭᠤᠴᠢ ᠰᠤᠳᠤᠯᠤᠯ᠎ᠤᠨ ᠳᠤᠮᠳᠠᠳᠤ ᠤᠯᠤᠰ》᠎ᠤᠨ ᠴᠢᠬᠤᠯᠠ ᠶᠡᠬᠡ ᠲᠦᠷᠦᠯ ᠵᠦᠢᠯ ᠪᠣᠯᠣᠨ᠎ᠠ᠂ ᠡᠨᠡ ᠬᠦ᠌ ᠲᠥᠷᠥᠯ ᠵᠦᠢᠯ ᠨᠢ ᠬᠡᠳᠦᠨ ᠵᠢᠯ᠎ᠦᠨ ᠳᠣᠲᠣᠷ᠎ᠠ ᠴᠢᠬᠤᠯᠠ ᠶᠡᠬᠡ ᠠᠮᠵᠢᠯᠲᠠ ᠣᠯᠵᠤ᠂ ᠬᠤᠩᠱᠠᠨ᠎ᠤ ᠨᠡᠢᠭᠡᠮ᠎ᠦᠨ ᠬᠥᠭᠵᠢᠯᠲᠡ᠎ᠶᠢ ᠠᠳᠠᠯᠢ ᠪᠤᠰᠤ ᠳᠠᠪᠬᠤᠷᠭ᠎ᠠ᠎ᠪᠠᠷ ᠦᠵᠡᠭᠦᠯᠦᠭᠰᠡᠨ ᠪᠠᠢᠨ᠎ᠠ᠃ 

ᠲᠣᠰ ᠬᠤᠭᠤᠴᠠᠭᠠᠨ᠎ᠤ ᠶᠠᠷᠢᠶᠠᠨ᠎ᠤ ᠲᠠᠪᠴᠠᠩ᠎ᠤᠨ ᠭᠣᠣᠯ ᠰᠡᠳᠦᠪ ᠨᠢ 《ᠮᠡᠷᠭᠡᠵᠢᠯ᠂ ᠨᠡᠢᠭᠡᠮ ᠬᠢᠭᠡᠳ ᠬᠠᠭᠤᠴᠢ ᠰᠤᠳᠤᠯᠤᠯ᠎ᠤᠨ ᠤᠬᠠᠭᠠᠨ》 ᠪᠠᠢᠵᠤ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠱᠠᠩᠬᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ ᠭᠣᠣᠯᠯᠠᠨ ᠡᠷᠭᠢᠯᠡᠪᠡ᠃ 

ᠬᠤᠷᠠᠯ᠎ᠳᠤ ᠣᠷᠣᠯᠴᠠᠭᠰᠠᠳ ᠬᠡᠷᠬᠢᠨ ᠮᠡᠷᠭᠡᠵᠢᠯ᠎ᠢᠶᠡᠷ ᠬᠥᠮᠥᠨ ᠲᠥᠷᠥᠯᠬᠢᠲᠡᠨ᠎ᠦ ᠨᠡᠢᠭᠡᠮ᠎ᠢ ᠴᠣᠭᠴᠠᠯᠠᠨ ᠪᠠᠢᠭᠤᠯᠵᠤ᠂ ᠣᠷᠣᠨ ᠪᠦᠰᠡ᠎ᠶᠢᠨ ᠪᠣᠯᠪᠠᠰᠤᠨ᠎ᠢ ᠬᠣᠯᠪᠣᠨ᠂ ᠬᠠᠮᠲᠤᠷᠠᠨ ᠠᠵᠢᠯᠯᠠᠬᠤ ᠪᠠ ᠡᠭᠦᠳᠦᠨ ᠪᠦᠲᠦᠭᠡᠬᠦ ᠲᠣᠭᠲᠠᠴᠠ᠎ᠶᠢ ᠪᠦᠷᠢᠯᠳᠦᠭᠦᠯᠬᠦ ᠲᠤᠬᠠᠢ ᠲᠥᠪᠯᠡᠷᠡᠩᠭᠦᠢ ᠶᠠᠷᠢᠯᠴᠠᠵᠠᠭᠠᠪᠠ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map