12 ᠳ᠋ᠤᠭ᠋ᠠᠷ ᠰᠠᠷ᠎ᠠ᠎ᠶᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠂ ᠰᠤᠷᠭ᠋ᠠᠨ ᠬᠥᠮᠦᠵᠢᠯ᠎ᠤᠨ ᠲᠢᠩᠬᠢᠮ 2026 ᠣᠨ᠎ᠤ ᠪᠥᠬᠦ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠬᠥᠬᠡᠬᠤᠲᠠ᠎ᠳᠤ ᠰᠠᠭᠤᠭ᠎ᠠ ᠶᠡᠭᠡ ᠳᠡᠭᠡᠳᠦ ᠰᠤᠷᠭ᠋ᠠᠭᠤᠯᠢ᠎ᠨᠤᠭᠤᠳ ᠵᠡᠷᠭᠡ᠎ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ ᠭᠤᠤᠯ ᠬᠤᠷᠠᠯ᠎ᠤᠨ ᠲᠠᠯᠠᠪᠠᠶ᠎ᠶᠢᠨ ᠬᠤᠷᠠᠯᠳᠤᠭᠠᠨ᠎ᠳᠤ ᠣᠷᠣᠯᠴᠠᠵᠤ᠂ ᠡᠯ᠎ᠡ ᠠᠶ᠋ᠢᠮᠠᠭ ᠬᠤᠲᠠ᠎ᠶᠢᠨ ᠨᠠᠮ᠎ᠤᠨ ᠬᠣᠷᠢᠶ᠎ᠠ᠎ᠶᠢᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ ᠵᠢᠴᠢ ᠰᠠᠭᠤᠭ᠎ᠠ ᠭᠠᠵᠠᠷ᠎ᠤᠨ ᠶᠡᠭᠡ ᠳᠡᠭᠡᠳᠦ ᠰᠤᠷᠭ᠋ᠠᠭᠤᠯᠢ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠳ ᠰᠦᠯᠵᠢᠶᠡᠨ ᠳᠡᠭᠡᠷᠡᠬᠢ ᠬᠤᠪᠢᠶᠠᠷᠢ ᠬᠤᠷᠠᠯ᠎ᠤᠨ ᠲᠠᠯᠠᠪᠠᠶ᠎ᠶᠢᠨ ᠬᠤᠷᠠᠯᠳᠤᠭᠠᠨ᠎ᠳᠤ ᠣᠷᠣᠯᠴᠠᠪᠠ᠃
ᠬᠤᠷᠠᠯᠳᠤᠭᠠᠨ᠎ᠢᠶᠠᠷ᠂ ᠡᠯ᠎ᠡ ᠲᠠᠯ᠎ᠠ᠎ᠶᠢᠨ ᠬᠠᠮᠲᠤ᠎ᠶᠢᠨ ᠴᠢᠷᠮᠠᠶ᠋ᠢᠯᠭ᠎ᠠ᠎ᠪᠠᠷ᠂ 2025 ᠣᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠤᠬᠤ ᠠᠵᠢᠯ᠎ᠤᠨ ᠤᠯᠠᠨ ᠵᠦᠢ᠍ᠯ᠎ᠤᠨ ᠭᠦᠢ᠍ᠴᠡᠳᠬᠡᠯ ᠲᠤᠭ᠎ᠠ ᠲᠣᠭᠲᠠᠭᠤᠨ᠎ᠤ ᠳᠤᠮᠳᠠ ᠳᠡᠭᠡᠭᠰᠢᠯᠡᠪᠡ᠃ 2026 ᠣᠨ ᠪᠣᠯ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠪᠠᠶ᠋ᠢᠷᠢᠯᠠᠭᠤᠯᠬᠤ ᠡᠬᠢᠯᠡᠯᠲᠡ᠎ᠶᠢᠨ ᠵᠢᠯ ᠪᠣᠯᠣᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠶᠡᠭᠡ ᠳᠡᠭᠡᠳᠦ ᠰᠤᠷᠭ᠋ᠠᠭᠤᠯᠢ᠎ᠨᠤᠭᠤᠳ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠯᠲᠠ᠎ᠶᠢᠨ ᠪᠠᠭᠲᠠᠭ᠋ᠠᠮᠵᠢ᠎ᠶᠢ ᠥᠷᠭᠡᠳᠬᠡᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠨᠢ ᠭᠦᠨᠵᠡᠭᠡᠶ ᠥᠷᠨᠢᠭᠦᠯᠵᠦ᠂ ᠲᠥᠷᠥ᠎ᠶᠢᠨ ᠪᠣᠳᠣᠯᠭ᠎ᠠ ᠶᠢ ᠤᠬᠠᠭᠤᠯᠬᠤ ᠠᠷᠭ᠎ᠠ ᠵᠠᠮ᠎ᠢ ᠥᠷᠭᠡᠳᠬᠡᠬᠦ᠂ ᠦᠢ᠍ᠯᠡᠴᠢᠯᠡᠭᠡ᠎ᠶᠢ ᠲᠠᠰ ᠳᠡᠪᠰᠢᠭᠦᠯᠬᠦ᠂ ᠬᠠᠩᠭ᠋ᠠᠯᠭ᠎ᠠ ᠬᠡᠷᠡᠭᠴᠡᠭᠡ᠎ᠶᠢ ᠵᠣᠯᠭ᠋ᠠᠭᠤᠯᠬᠤ ᠵᠡᠷᠭᠡ ᠵᠠᠩᠭᠢᠯᠠᠭ᠎ᠠ᠎ᠶᠢᠨ ᠭᠤᠭᠴᠤᠭ᠎ᠠ᠎ᠳᠤ ᠨᠠᠷᠢᠯᠢᠭ ᠣᠨᠣᠴᠠᠲᠠᠢ᠎ᠪᠠᠷ ᠠᠩᠬᠠᠷᠤᠯ᠎ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠤᠬᠤ ᠠᠵᠢᠯ᠎ᠤᠨ ᠨᠠᠩ ᠶᠡᠭᠡ ᠰᠢᠨ᠎ᠡ ᠠᠮᠵᠢᠯᠲᠠ ᠤᠯᠬᠤ᠎ᠶᠢ ᠠᠬᠢᠭᠤᠯᠬᠤ ᠬᠡᠷᠡᠭᠲᠡᠶ᠃ ᠦᠵᠦ ᠲᠥᠯᠥᠪᠯᠡᠭᠡ᠎ᠪᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠳ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠦᠨ᠂ ᠠᠶ᠋ᠢᠮᠠᠭ ᠬᠤᠳᠠ ᠨᠤᠭᠤᠳ᠎ᠤᠨ ᠬᠤᠭᠤᠷᠣᠨᠳᠣᠬᠢ ᠡᠬᠢ ᠪᠠᠶᠠᠯᠢᠭ᠎ᠢᠶᠡᠨ ᠬᠠᠷᠢᠯᠴᠠᠨ ᠨᠥᠬᠦᠪᠥᠷᠢᠯᠡᠬᠦ᠎ᠶᠢ ᠠᠬᠢᠭᠤᠯᠵᠤ᠂ ᠴᠡᠭ᠎ᠢᠶᠠᠷ ᠨᠡᠶ᠋ᠢᠳᠡᠮ᠎ᠢ ᠲᠠᠶ᠋ᠢᠴᠢᠯᠠᠨ ᠰᠤᠷᠭᠠᠭᠤᠯᠢ ᠲᠡᠭᠦᠰᠦᠭᠰᠡᠳ᠎ᠲᠤ ᠡᠷᠲᠡᠬᠡᠨ ᠠᠵᠢᠯ ᠣᠯᠭᠤᠵᠤ᠂ ᠭᠦᠢ᠍ᠴᠡᠳ ᠠᠵᠢᠯ ᠣᠯᠭᠤᠬᠤ᠎ᠳᠤ ᠨᠡᠩ ᠤᠯᠠᠨ ᠠᠰᠢᠭᠲᠠᠢ ᠨᠥᠬᠦᠴᠡᠯ᠎ᠢ ᠡᠭᠦᠳᠬᠦ ᠬᠡᠷᠡᠭᠲᠡᠢ᠃ ᠲᠦᠷᠦ᠎ᠶᠢᠨ ᠪᠤᠳᠤᠯᠭ᠎ᠠ᠎ᠶᠢᠨ ᠬᠠᠩᠭ᠋ᠠᠯᠭ᠎ᠠ᠎ᠶᠢ ᠰᠢᠯᠢᠳᠡᠭᠵᠢᠭᠦᠯᠵᠦ᠂ ᠲᠦᠷᠦ᠎ᠶᠢᠨ ᠪᠤᠳᠤᠯᠭ᠎ᠠ᠎ᠶᠢᠨ ᠴᠢᠨᠠᠷᠲᠠᠢ ᠠᠵᠢᠯ᠎ᠤᠨ ᠪᠠᠶ᠋ᠢᠷᠢ᠎ᠶᠢᠨ ᠠᠵᠢᠯ ᠣᠯᠭᠤᠯᠲᠠ᠎ᠶᠢᠨ ᠣᠷᠣᠨ ᠵᠠᠢ᠎ᠶᠢ ᠢᠳᠡᠪᠬᠢᠲᠡᠢ ᠦᠷᠭᠡᠳᠭᠡᠨ᠂ ᠦᠢ᠍ᠯᠡᠰ ᠪᠤᠰᠬᠠᠬᠤ᠎ᠶᠢ ᠲᠡᠳᠬᠦᠬᠦ ᠡᠷᠴᠢᠮ ᠪᠠ ᠠᠮᠢᠳᠤᠯᠢᠭ᠎ᠢᠶᠠᠷ ᠠᠵᠢᠯ ᠣᠯᠭᠤᠬᠤ ᠪᠠᠲᠤᠯᠠᠭ᠎ᠠ᠎ᠶᠢ ᠴᠢᠩᠭ᠋ᠠᠳᠬᠠᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠬᠡᠷᠡᠭᠴᠡᠭᠡ᠎ᠶᠢ ᠭᠦᠨᠵᠡᠭᠡᠶ ᠠᠭᠤᠳᠠᠯᠵᠤ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠢᠶᠠᠷ ᠨᠢᠭᠡᠴᠢ ᠪᠣᠯᠭ᠋ᠠᠨ ᠠᠵᠤ ᠠᠬᠤᠶ᠋ᠢᠯᠠᠯ᠎ᠢ ᠰᠤᠷᠪᠤᠯᠵᠢᠯᠠᠵᠤ ᠠᠵᠢᠯ᠎ᠤᠨ ᠪᠠᠶ᠋ᠢᠷᠢ᠎ᠶᠢ ᠥᠷᠭᠡᠳᠬᠡᠬᠦ ᠪᠠ ᠰᠤᠷᠭ᠋ᠠᠭᠤᠯᠢ᠎ᠶᠢᠨ ᠬᠦᠷᠢᠶᠡᠨ᠎ᠤ ᠠᠵᠢᠯᠲᠠᠨ ᠡᠯᠰᠡᠬᠦ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠡᠭᠡᠭᠡᠨ ᠬᠥᠭᠵᠢᠭᠦᠯᠦᠭᠰᠡᠨ ᠠᠵᠢᠯ᠎ᠤᠨ ᠪᠠᠶ᠋ᠢᠷᠢ ᠬᠢᠭᠡᠳ ᠲᠡᠭᠦᠰᠦᠭᠰᠡᠳ᠎ᠤᠨ ᠠᠵᠢᠯ ᠤᠯᠬᠤ ᠬᠦᠰᠡᠯ ᠡᠷᠡᠮᠡᠯᠵᠡᠯ᠂ ᠰᠣᠷᠣᠭᠰᠠᠨ ᠲᠤᠰᠬᠠᠶ ᠮᠡᠷᠭᠡᠵᠢᠯ ᠯᠦ᠍ᠭᠡ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠠᠵᠢᠯ ᠣᠯᠭᠤᠯᠲᠠ᠎ᠶᠢᠨ ᠵᠢᠯᠣᠭᠣᠳᠤᠯᠭ᠎ᠠ᠎ᠶᠢᠨ ᠲᠣᠭᠲᠠᠯᠴᠠᠭ᠎ᠠ᠎ᠶᠢ ᠴᠢᠩᠭ᠋ᠠᠳᠬᠠᠵᠤ᠂ ᠠᠵᠢᠯ ᠣᠯᠬᠤ ᠶᠡᠷᠦᠩᠬᠡᠶ᠋ᠢᠯᠡᠭᠰᠡᠨ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠬᠦᠴᠢᠷᠳᠡᠯᠲᠡᠢ ᠬᠥᠮᠦᠰ᠎ᠢ ᠬᠠᠪᠰᠤᠷᠤᠨ ᠲᠡᠳᠬᠦᠬᠦ ᠠᠵᠢᠯ᠎ᠢᠶᠠᠨ ᠰᠠᠶ᠋ᠢᠲᠤᠷ ᠬᠢᠵᠦ᠂ ᠴᠢᠳᠠᠪᠤᠷᠢᠲᠠᠨ ᠬᠥᠮᠦᠵᠢᠭᠦᠯᠬᠦ ᠬᠠᠩᠭ᠋ᠠᠯᠭ᠎ᠠ ᠬᠡᠷᠡᠭᠴᠡᠭᠡ᠎ᠶᠢ ᠲᠣᠬᠢᠷᠠᠭᠤᠯᠬᠤ᠎ᠪᠠᠨ ᠠᠬᠢᠭᠤᠯᠤᠨ᠂ ᠳᠡᠭᠡᠳᠦ ᠵᠡᠷᠭᠡ᠎ᠶᠢᠨ ᠰᠤᠷᠭ᠋ᠠᠨ ᠬᠥᠮᠦᠵᠢᠯ᠎ᠤᠨ ᠠᠵᠤ ᠠᠬᠤᠢ᠎ᠶᠢᠨ ᠪᠦᠳᠦᠭᠡᠨ ᠪᠠᠶ᠋ᠢᠭᠤᠯᠤᠯᠲᠠ᠎ᠳᠦ ᠦᠢᠯᠡᠴᠢᠯᠡᠬᠦ᠎ᠶᠢᠨ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃
ᠬᠤᠷᠠᠯᠳᠤᠭᠠᠨ᠎ᠢᠶᠠᠷ ᠱᠠᠭᠠᠷᠳᠠᠬᠤᠳᠤᠪᠠᠨ᠂ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠪᠠᠶ᠋ᠢᠷᠢ᠎ᠶᠢᠨ ᠬᠠᠩᠭ᠋ᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠤᠣᠯᠳᠠᠯᠭ᠎ᠠ᠎ᠲᠠᠢ ᠪᠣᠯᠬᠤ ᠬᠦᠷᠢᠶ᠎ᠡ ᠪᠠ ᠲᠦᠷᠦ᠎ᠶᠢᠨ ᠪᠤᠳᠤᠯᠭ᠎ᠠ᠎ᠶᠢᠨ ᠴᠢᠨᠠᠷᠲᠠᠢ ᠠᠵᠢᠯ᠎ᠤᠨ ᠪᠠᠶ᠋ᠢᠷᠢ᠎ᠶᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯ᠎ᠤᠨ ᠪᠠᠶ᠋ᠢᠷᠢ᠎ᠶᠢ ᠡᠯᠰᠡᠨ ᠴᠤᠭᠯᠠᠭᠤᠯᠬᠤ᠎ᠪᠠᠨ ᠴᠢᠩᠭ᠋ᠠᠳᠬᠠᠬᠤ ᠬᠡᠷᠡᠭᠲᠡᠢ; ᠠᠵᠢᠯ ᠡᠷᠢᠬᠦ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠤᠷ᠎ᠠ ᠮᠡᠷᠭᠡᠰᠢᠯ᠎ᠦᠨ ᠪᠣᠯᠪᠠᠰᠤᠷᠠᠯ ᠪᠠ ᠠᠵᠢᠯ ᠣᠯᠬᠤ ᠳᠠᠳᠤᠯᠭ᠎ᠠ᠎ᠶᠢ ᠭᠦᠨᠵᠡᠭᠡᠶ᠋ᠢᠷᠡᠭᠦᠯᠵᠦ᠂ ᠪᠣᠳᠠᠲᠠᠢ ᠪᠣᠯᠪᠠᠰᠤᠷᠠᠯ ᠬᠢᠵᠦ ᠵᠢᠭ᠋ᠠᠨ ᠵᠢᠯᠣᠭᠤᠳᠬᠤ᠎ᠶᠢ ᠴᠢᠩᠭ᠋ᠠᠳᠬᠠᠬᠤ ᠬᠡᠷᠡᠭᠲᠡᠢ; ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠰᠢᠯᠢᠳᠡᠭᠵᠢᠭᠦᠯᠵᠦ᠂ ᠦᠢ᠍ᠯᠡᠴᠢᠯᠡᠭᠡ᠎ᠶᠢ ᠰᠤᠷᠭ᠋ᠠᠭᠤᠯᠢ᠎ᠶᠢᠨ ᠬᠦᠷᠢᠶᠡᠨ᠎ᠳᠤ ᠣᠷᠣᠭᠤᠯᠬᠤ᠎ᠪᠠᠨ ᠠᠬᠢᠭᠤᠯᠵᠤ᠂ ᠠᠵᠢᠯᠲᠠᠨ ᠡᠯᠰᠡᠬᠦ ᠠᠵᠢᠯᠯᠠᠭ᠎ᠠ᠎ᠶᠢ ᠰᠠᠶ᠋ᠢᠲᠤᠷ ᠬᠢᠵᠦ᠂ ᠰᠤᠷᠭ᠋ᠠᠭᠤᠯᠢ᠎ᠠᠴᠠ᠎ᠪᠠᠨ ᠶᠠᠪᠤᠭᠰᠠᠨ᠎ᠤ ᠳᠠᠷᠠᠭ᠎ᠠ ᠣᠨᠣᠴᠠᠲᠠᠢ᠎ᠪᠠᠷ ᠬᠠᠪᠰᠤᠷᠤᠨ ᠲᠡᠳᠭᠦᠬᠦ᠎ᠶᠢ ᠪᠤᠲᠠᠲᠠᠢᠵᠢᠭᠤᠯᠤᠨ᠂ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠬᠤ᠎ᠶᠢ ᠳᠡᠮᠵᠢᠬᠦ ᠬᠡᠷᠡᠭᠲᠡᠶ᠃ ᠡᠯ᠎ᠡ ᠱᠠᠲᠤᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠰᠠᠯᠠᠭ᠎ᠠ ᠮᠥᠴᠢᠷ᠎ᠤᠳ ᠬᠤᠯᠪᠣᠭ᠋ᠠᠯᠠᠨ ᠬᠥᠳᠡᠯᠦᠯᠴᠡᠬᠦ᠎ᠪᠠᠨ ᠴᠢᠩᠭ᠋ᠠᠳᠬᠠᠵᠤ᠂ ᠠᠵᠤ ᠠᠬᠤᠶ᠋ᠢᠯᠠᠯ ᠪᠠ ᠶᠡᠭᠡ ᠳᠡᠭᠡᠳᠦ ᠰᠤᠷᠭ᠋ᠠᠭᠤᠯᠢ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠬᠡᠷᠡᠭᠴᠡᠭᠡ ᠱᠠᠭ᠋ᠠᠷᠳᠠᠯᠭ᠎ᠠ᠎ᠶᠢ ᠡᠵᠡᠮᠰᠢᠨ ᠲᠥᠷᠥ᠎ᠶᠢᠨ ᠪᠣᠳᠣᠯᠭ᠎ᠠ᠎ᠶᠢ ᠣᠨᠣᠪᠴᠢᠲᠠᠶ ᠬᠡᠷᠡᠭᠵᠢᠭᠦᠯᠵᠦ᠂ ᠴᠤᠪᠤᠷᠠᠯ᠎ᠢ ᠳᠥᠭᠦᠮᠴᠢᠯᠡᠨ ᠠᠵᠢᠯ ᠣᠯᠭᠤᠯᠲᠠ᠎ᠶᠢ ᠲᠣᠭᠲᠠᠪᠤᠷᠢᠵᠢᠭᠤᠯᠬᠤ ᠲᠥᠷᠥ᠎ᠶᠢᠨ ᠪᠣᠳᠣᠯᠭ᠎ᠠ᠎ᠶᠢ ᠰᠢᠭᠤᠳ ᠬᠦᠷᠭᠡᠵᠦ ᠲᠦᠷᠭᠡᠨ ᠡᠳ᠋ᠯᠡᠭᠦᠯᠬᠦ᠎ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠡᠳ᠋ ᠬᠦᠷᠦᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠨᠢ ᠠᠵᠤ ᠠᠬᠤᠶ᠋ᠢᠯᠠᠯ᠎ᠤᠨ ᠭᠤᠣᠯᠯᠠᠭᠴᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠴᠢᠳᠠᠪᠤᠷᠢᠲᠠᠨ᠎ᠤ ᠲᠥᠯᠥᠪᠵᠢᠭᠦᠯᠭᠡ᠎ᠶᠢ ᠭᠦᠨᠵᠡᠭᠡᠢᠷᠡᠭᠦᠯᠦᠨ᠂ ᠠᠵᠢᠯ᠎ᠤᠨ ᠪᠠᠶ᠋ᠢᠷᠢ᠎ᠶᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠠᠵᠤ ᠠᠬᠤᠶ᠋ᠢᠯᠠᠯ᠎ᠤᠨ ᠪᠦᠲᠦᠴᠡ᠎ᠶᠢᠨ ᠴᠢᠨᠠᠷᠲᠠᠢ ᠠᠵᠢᠯᠲᠠᠨ ᠳᠤᠲᠠᠭᠳᠠᠵᠤ ᠪᠠᠶ᠋ᠢᠭ᠎ᠠ ᠵᠥᠷᠢᠴᠡᠯ᠎ᠢ ᠰᠢᠢ᠍ᠳᠪᠦᠷᠢᠯᠡᠬᠦ᠎ᠳᠤ ᠬᠦᠴᠦ ᠨᠡᠮᠡᠷᠢᠯᠡᠬᠦ ᠬᠡᠷᠡᠭᠲᠡᠢ ᠭᠡᠵᠡᠢ᠃