
ᠲᠠᠷᠢᠶᠠᠯᠠᠩ᠎ᠢ ᠲᠤᠰᠠᠯᠠᠬᠤ ᠰᠢᠭᠤᠳ ᠨᠡᠪᠲᠡᠷᠡᠭᠦᠯᠭᠡ ᠬᠢᠵᠦ ᠪᠠᠢᠭ᠎ᠠ ᠨᠢ


ᠬᠢᠯᠢ ᠬᠠᠮᠠᠭᠠᠯᠠᠭᠴᠢ ᠬᠢᠯᠢ᠎ᠶᠢᠨ ᠱᠤᠭᠤᠮ᠎ᠢ ᠪᠠᠲᠤ ᠰᠠᠬᠢᠵᠤ ᠪᠠᠢᠭ᠎ᠠ ᠨᠢ

ᠠᠷᠠᠳ᠎ᠤᠨ ᠴᠠᠭᠳᠠᠭ᠎ᠠ ᠣᠯᠠᠨ ᠲᠦᠮᠡᠨ᠎ᠢ ᠬᠠᠪᠰᠤᠷᠴᠤ ᠲᠣᠷᠤᠭᠰᠠᠨ ᠲᠡᠷᠭᠡ᠎ᠶᠢ ᠲᠦᠯᠬᠢᠨ ᠭᠠᠷᠭᠠᠵᠤ ᠪᠠᠢᠭ᠎ᠠ ᠨᠢ
ᠬᠥᠯᠥᠨ ᠪᠤᠢ᠍ᠢᠷ᠎ᠤᠨ ᠥᠷᠭᠡᠨ ᠠᠭᠤᠳᠠᠮ ᠨᠤᠲᠤᠭ ᠳᠡᠪᠢᠰᠬᠡᠷᠲᠦ᠂ 1733.32 ᠺᠢᠯᠣᠮᠧᠲ᠋ᠷ᠎ᠤᠨ ᠬᠢᠯᠢ᠎ᠶᠢᠨ ᠱᠤᠭᠤᠮ ᠨᠢ ᠲᠠᠯ᠎ᠠ ᠨᠤᠲᠤᠭ ᠤᠢ ᠰᠢᠭᠤᠢ ᠪᠠ ᠤᠯᠤᠰ᠎ᠤᠨ ᠬᠠᠭᠠᠯᠭ᠎ᠠ ᠬᠢᠯᠢ᠎ᠶᠢᠨ ᠬᠥᠰᠢᠶ᠎ᠡ᠎ᠶᠢ ᠪᠠᠲᠤ ᠬᠣᠯᠪᠣᠭᠰᠠᠨ ᠪᠠᠢᠨ᠎ᠠ᠃ ᠬᠥᠯᠥᠨ ᠪᠤᠢ᠍ᠢᠷ ᠬᠤᠳᠠ 《ᠤᠯᠤᠰ᠎ᠢ ᠵᠠᠰᠠᠵᠤ ᠲᠦᠷᠦ᠎ᠶᠢ ᠲᠦᠪᠰᠢᠳᠬᠡᠬᠦ᠎ᠳᠦ ᠬᠢᠯᠢ ᠬᠢᠵᠠᠭᠠᠷ᠎ᠢ ᠲᠡᠷᠢᠭᠦᠨ᠎ᠳᠦ ᠴᠢᠬᠤᠯᠠᠴᠢᠯᠠᠬᠤ》 ᠡᠷᠡᠰ ᠪᠠᠲᠤ ᠢᠲᠡᠭᠡᠯ ᠵᠣᠷᠢᠭ᠋᠎ᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠢᠯᠢ᠎ᠶᠢ ᠰᠠᠬᠢᠬᠤ ᠤᠭ ᠰᠠᠨᠠᠭ᠎ᠠ᠂ ᠴᠠᠭᠳᠠᠭ᠎ᠠ ᠠᠷᠠᠳ ᠭᠠᠷ ᠬᠣᠯᠪᠣᠨ ᠨᠢᠭ᠍ᠲᠠᠷᠠᠭᠤᠯᠤᠭᠰᠠᠨ ᠬᠢᠯᠢ᠎ᠶᠢ ᠬᠠᠮᠠᠭᠠᠯᠠᠬᠤ ᠬᠠᠮᠲᠤᠷᠠᠯ ᠬᠦᠴᠦᠨ ᠪᠠ ᠲᠣᠭᠲᠠᠴᠠ᠎ᠶᠢᠨ ᠰᠢᠨ᠎ᠡ ᠡᠭᠦᠳᠦᠯᠲᠡ ᠲᠡᠢ ᠬᠢᠯᠢ ᠬᠢᠵᠠᠭᠠᠷ ᠣᠷᠣᠨ᠎ᠢ ᠬᠦᠴᠦᠷᠬᠡᠭᠵᠢᠭᠦᠯᠬᠦ ᠠᠷᠭ᠎ᠠ ᠬᠡᠮᠵᠢᠶ᠎ᠡ᠎ᠪᠡᠷ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ᠎ᠦ ᠡᠪᠳᠡᠷᠡᠰᠢ ᠦᠭᠡᠢ ᠪᠠᠲᠤ ᠬᠠᠯᠬᠠᠪᠴᠢ᠎ᠶᠢ ᠪᠠᠢᠭᠤᠯᠵᠤ᠂ ᠬᠢᠯᠢ ᠬᠢᠵᠠᠭᠠᠷ ᠣᠷᠣᠨ᠎ᠢ ᠰᠠᠬᠢᠬᠤ᠂ ᠬᠢᠯᠢ ᠬᠢᠵᠠᠭᠠᠷ ᠣᠷᠣᠨ᠎ᠢ ᠬᠠᠮᠠᠭᠠᠯᠠᠬᠤ᠂ ᠬᠢᠯᠢ ᠬᠢᠵᠠᠭᠠᠷ ᠣᠷᠣᠨ᠎ᠢ ᠬᠠᠢᠷᠠᠯᠠᠬᠤ ᠴᠠᠭ ᠦᠶ᠎ᠡ᠎ᠶᠢᠨ ᠰᠦᠷᠯᠢᠭ ᠰᠠᠢᠬᠠᠨ ᠦᠯᠢᠭᠡᠷ᠎ᠢ ᠪᠢᠴᠢᠭᠯᠡᠵᠡᠢ᠃