ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ   -   ᠰᠢᠮᠳᠠᠭᠤᠯᠤᠨ ᠪᠠᠢ᠌ᠴᠠᠭ᠋ᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ
ᠲᠥᠪ᠎ᠦᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠣᠶᠠᠳᠤᠭᠠᠷ ᠬᠢᠨᠠᠨ ᠪᠠᠢᠴᠠᠭᠠᠬᠤ ᠳᠤᠭᠤᠢᠯᠠᠩ᠎ᠠᠴᠠ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠨ ᠰᠢᠢᠳᠪᠦᠷᠢᠯᠡᠭᠦᠯᠦᠭᠰᠡᠨ ᠭᠤᠴᠢᠳᠤᠭᠠᠷ ᠪᠦᠯᠦᠭ᠎ᠦᠨ 62 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢᠳᠪᠦᠷᠢᠯᠡᠭᠰᠡᠨ ᠪᠠᠢᠳᠠᠯ
ᠨᠡᠶ᠋ᠢᠲᠡᠯᠡᠭᠰᠡᠨ ᠴᠠᠭ᠄ 2025-07-07

 

ᠲᠥᠪ᠎ᠦᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠣᠶᠠᠳᠤᠭᠠᠷ ᠬᠢᠨᠠᠨ ᠪᠠᠢᠴᠠᠭᠠᠬᠤ ᠳᠤᠭᠤᠢᠯᠠᠩ ( ᠳᠣᠷᠤᠭ᠍ᠰᠢ 《 ᠲᠥᠪ᠎ᠦᠨ ᠬᠢᠨᠠᠨ ᠪᠠᠢᠴᠠᠭᠠᠬᠤ ᠳᠤᠭᠤᠢᠯᠠᠩ 》 ᠭᠡᠵᠦ ᠲᠣᠪᠴᠢᠯᠠᠨ᠎ᠠ )᠎ᠤᠨ ᠠᠵᠢᠯ᠎ᠤᠨ ᠱᠠᠭᠠᠷᠳᠠᠯᠭ᠎ᠠ ᠶᠤᠰᠤᠭᠠᠷ ᠂ 7 ᠰᠠᠷ᠎ᠠ᠎ᠶᠢᠨ 6᠎ᠦ ᠡᠳᠦᠷ ᠂ ᠪᠦᠬᠦ ᠣᠷᠣᠨ᠎ᠢᠶᠠᠷ᠎ᠢᠶᠠᠨ ᠲᠥᠪ᠎ᠦᠨ ᠬᠢᠨᠠᠨ ᠪᠠᠢᠴᠠᠭᠠᠬᠤ ᠳᠤᠭᠤᠢᠯᠠᠩ᠎ᠠᠴᠠ ᠲᠤᠰᠢᠶᠠᠨ ᠰᠢᠢᠳᠪᠦᠷᠢᠯᠡᠭᠦᠯᠦᠭᠰᠡᠨ ᠭᠤᠴᠢᠳᠤᠭᠠᠷ ᠪᠦᠯᠦᠭ᠎ᠦᠨ 62 ᠬᠤᠪᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢᠴᠠᠭᠠᠨ ᠰᠢᠢᠳᠪᠦᠷᠢᠯᠡᠪᠡ ᠂ ᠡᠭᠦᠨ᠎ᠳᠦ 38 ᠬᠤᠪᠢ᠎ᠶᠢ ᠨᠢᠭᠡᠨᠲᠡ ᠰᠢᠢᠳᠪᠦᠷᠢᠯᠡᠨ ᠳᠠᠭᠤᠰᠬᠠᠵᠤ ᠂ 19 ᠬᠤᠪᠢ᠎ᠶᠢ ᠱᠠᠲᠤᠴᠢ ᠴᠢᠨᠠᠷᠲᠠᠢ ᠰᠢᠢᠳᠪᠦᠷᠢᠯᠡᠨ ᠳᠠᠭᠤᠰᠬᠠᠵᠤ ᠂ 5 ᠬᠤᠪᠢ᠎ᠶᠢ ᠰᠢᠢᠳᠪᠦᠷᠢᠯᠡᠵᠦ ᠳᠠᠭᠤᠰᠬᠠᠭᠠᠳᠤᠢ ᠂ 2 ᠨᠢᠭᠡᠴᠢ᠎ᠶᠢ ᠵᠠᠷᠯᠢᠭ᠍ᠳᠠᠨ ᠴᠡᠭᠴᠡᠯᠡᠨ ᠰᠠᠢᠵᠢᠷᠠᠭᠤᠯᠵᠤ ᠂ 3 ᠨᠢᠭᠡᠴᠢ᠎ᠶᠢ ᠬᠡᠷᠡᠭ ᠪᠣᠯᠭᠠᠨ ᠳᠠᠩᠰᠠᠯᠠᠵᠤ ᠲᠣᠷᠭᠠᠨ ᠰᠢᠢᠳᠬᠡᠵᠦ ᠂ ᠵᠣᠭᠣᠰ᠎ᠢᠶᠠᠷ ᠲᠣᠷᠭᠠᠭᠰᠠᠨ ᠬᠡᠮᠵᠢᠶ᠎ᠡ 13063.60 ᠲᠦᠭᠦᠷᠢᠭ᠎ᠲᠦ ᠬᠦᠷᠴᠦ ᠂ 2 ᠬᠦᠮᠦᠨ᠎ᠲᠠᠢ ᠪᠣᠯᠵᠣᠨ ᠶᠠᠷᠢᠯᠴᠠᠪᠠ ᠃

7 ᠰᠠᠷ᠎ᠠ᠎ᠶᠢᠨ 6᠎ᠦ ᠡᠳᠦᠷ ᠪᠣᠯᠲᠠᠯ᠎ᠠ ᠪᠦᠬᠦ ᠣᠷᠣᠨ᠎ᠢᠶᠠᠷ᠎ᠢᠶᠠᠨ ᠨᠢᠭᠡᠨᠲᠡ 1  30 ᠳ᠋ᠤᠭᠠᠷ ᠪᠦᠯᠦᠭ᠎ᠦᠨ 1493 ᠬᠤᠪᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢᠴᠠᠭᠠᠨ ᠰᠢᠢᠳᠪᠦᠷᠢᠯᠡᠪᠡ ᠂ ᠡᠭᠦᠨ᠎ᠳᠦ 923 ᠬᠤᠪᠢ᠎ᠶᠢ ᠨᠢᠭᠡᠨᠲᠡ ᠰᠢᠢᠳᠪᠦᠷᠢᠯᠡᠨ ᠳᠠᠭᠤᠰᠬᠠᠵᠤ ᠂ 485 ᠬᠤᠪᠢ᠎ᠶᠢ ᠱᠠᠲᠤᠴᠢ ᠴᠢᠨᠠᠷᠲᠠᠢ᠎ᠪᠠᠷ ᠰᠢᠢᠳᠪᠦᠷᠢᠯᠡᠨ ᠳᠠᠭᠤᠰᠬᠠᠵᠤ ᠂ 85 ᠬᠤᠪᠢ᠎ᠶᠢ ᠰᠢᠢᠳᠪᠦᠷᠢᠯᠡᠵᠦ ᠳᠠᠭᠤᠰᠬᠠᠭᠠᠳᠤᠢ ᠂ 230 ᠨᠢᠭᠡᠴᠢ᠎ᠶᠢ ᠵᠠᠷᠯᠢᠭ᠍ᠳᠠᠨ ᠴᠡᠭᠴᠡᠯᠡᠨ ᠰᠠᠢᠵᠢᠷᠠᠭᠤᠯᠵᠤ ᠂ 222 ᠨᠢᠭᠡᠴᠢ᠎ᠶᠢ ᠬᠡᠷᠡᠭ ᠪᠣᠯᠭᠠᠨ ᠳᠠᠩᠰᠠᠯᠠᠵᠤ ᠲᠣᠷᠭᠠᠨ ᠰᠢᠢᠳᠬᠡᠵᠦ ᠂ ᠵᠣᠭᠣᠰ᠎ᠢᠶᠠᠷ ᠲᠣᠷᠭᠠᠭᠰᠠᠨ ᠬᠡᠮᠵᠢᠶ᠎ᠡ 3142913.46 ᠲᠦᠭᠦᠷᠢᠭ᠎ᠲᠦ ᠬᠦᠷᠴᠦ ᠂ 40 ᠬᠤᠪᠢ᠎ᠶᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠢᠴᠠᠭᠠᠵᠤ ᠂ 4 ᠬᠦᠮᠦᠨ᠎ᠢ ᠡᠷᠡᠭᠦᠦ᠎ᠶᠢᠨ ᠬᠡᠷᠡᠭ᠎ᠢᠶᠡᠷ ᠲᠦᠷ ᠬᠣᠷᠢᠵᠤ ᠂ 24 ᠬᠦᠮᠦᠨ᠎ᠲᠠᠢ ᠪᠣᠯᠵᠣᠨ ᠶᠠᠷᠢᠯᠴᠠᠵᠤ ᠂ 38 ᠬᠦᠮᠦᠨ᠎ᠳᠦ ᠬᠠᠷᠢᠭᠤᠴᠠᠯᠭ᠎ᠠ ᠲᠤᠯᠭᠠᠪᠠ ᠃

ᠬᠣᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠦᠨ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠨ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠤᠰᠤᠭᠠᠷ ᠪᠠᠢᠴᠠᠭᠠᠨ ᠰᠢᠢᠳᠪᠦᠷᠢᠯᠡᠵᠦ ᠴᠡᠭᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ ᠃

《 ᠲᠥᠪ᠎ᠦᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ᠎ᠶᠢᠨ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ᠎ᠶᠢ ᠰᠢᠯᠵᠢᠭᠦᠯᠦᠨ ᠰᠢᠢᠳᠪᠦᠷᠢᠯᠡᠭᠦᠯᠬᠦ ᠪᠠ ᠬᠢᠨᠠᠨ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ᠎ᠶᠢ ᠢᠯᠡ ᠪᠣᠯᠭᠠᠭᠰᠠᠨ ᠪᠠᠢᠳᠠᠯ᠎ᠤᠨ ᠨᠠᠷᠢᠨ ᠠᠭᠤᠯᠭ᠎ᠠ᠎ᠶᠢᠨ ᠬᠦᠰᠦᠨᠦᠭᠲᠦ ( 30 ᠳ᠋ᠤᠭᠠᠷ ᠪᠦᠯᠦᠭ ) 》 ( ᠨᠠᠷᠢᠨ ᠪᠠᠢᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ )

  

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map