ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠭ᠋ᠠᠰᠢ ᠂ ᠮᠠᠨ᠎ᠤ ᠣᠷᠣᠨ᠎ᠤ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠎ᠨᠢ ᠳᠠᠢ᠌ᠴᠢᠯᠠᠯᠲᠠ ᠪᠠᠢ᠌ᠷᠢᠯᠠᠭᠤᠯᠤᠯᠲᠠ᠎ᠪᠠᠨ ᠴᠢᠩᠭ᠋ᠠᠳᠬᠠᠬᠤ᠂ ᠬᠠᠷᠠᠯᠲᠠᠲᠤ ᠠᠷᠭ᠎ᠠ ᠪᠠᠷᠢᠯ ᠵᠶ᠋ᠠᠨ ᠴᠢᠩᠭ᠋ᠠᠳᠬᠠᠬᠤ᠂ ᠬᠢᠨᠠᠨ ᠵᠢᠯᠤᠭᠣᠳᠴᠤ ᠨᠠᠢ᠌ᠳᠠᠪᠤᠷᠢᠵᠢᠭᠤᠯᠬᠤ᠎ᠪᠠᠨ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ ᠬᠠᠤᠯᠢ ᠴᠠᠭ᠋ᠠᠵᠠ ᠵᠢᠨ ᠣᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠡᠮᠬᠢ ᠵᠢᠷᠤᠮ᠎ᠲᠠᠢ ᠶᠠᠪᠤᠭᠳᠠᠬᠤ ᠵᠢ ᠠᠬᠢᠭᠤᠯᠪᠠ᠃
ᠡᠯ᠎ᠡ ᠠᠢ᠌ᠮᠠᠭ ᠬᠣᠲᠠ᠎ᠨᠤᠭᠤᠳ ᠭᠣᠣᠯᠳᠠᠯᠭ᠎ᠠ᠎ᠪᠠᠨ ᠲᠣᠪᠤᠢ᠌ᠯᠭ᠋ᠠᠨ᠂ ᠥᠨᠳᠥᠷ ᠦᠷ᠎ᠡ ᠪᠦᠲᠦᠮᠵᠢᠲᠡᠶ᠎ᠪᠠᠷ ᠪᠠᠢ᠌ᠷᠢᠯᠠᠭᠤᠯᠪᠠ᠃ ᠬᠥᠬᠡᠬᠣᠲᠠ ᠵᠢᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ 《 ᠨᠢᠭᠡᠳᠦᠭᠡᠷ ᠭᠠᠷ ᠢᠨᠵᠧᠨᠧᠷᠢᠩ 》 ᠪᠣᠯᠭ᠋ᠠᠨ ᠬᠦᠴᠦᠯᠡᠨ ᠠᠬᠢᠭᠤᠯᠵᠤ ᠂ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠤᠭ᠋ᠠᠳ᠂ ᠪᠦᠬᠦ ᠬᠤᠲᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠨᠤᠭᠤᠳ᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠎ᠨᠦᠭᠦᠳ᠎ᠢ ᠪᠠᠢ᠌ᠷᠢᠯᠠᠭᠤᠯᠪᠠ ᠃ ᠲᠦᠩᠯᠢᠶᠣᠣ ᠬᠤᠳᠠ ᠵᠢᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ ᠨᠢ ᠬᠤᠳᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠡᠯ᠎ᠡ ᠨᠢᠭᠡᠴᠢ᠎ᠨᠦᠭᠦᠳ᠎ᠢ ᠴᠤᠭᠯᠠᠭᠤᠯᠤᠨ ᠰᠤᠳᠤᠯᠤᠨ ᠶᠠᠷᠢᠯᠴᠠᠭᠰᠠᠨ ᠪᠥᠭᠡᠳ ᠪᠣᠳᠠᠲᠠᠢ ᠠᠷᠭ᠎ᠠ ᠪᠠᠷᠢᠯ᠎ᠢ ᠲᠣᠳᠣᠷᠬᠠᠢ᠌ᠯᠠᠵᠤ ᠂ ᠪᠦᠬᠦ ᠬᠤᠳᠠ ᠵᠢᠨ ᠬᠤᠳᠠᠯᠳᠤᠭ᠋ᠠᠨ᠎ᠤ ᠣᠷᠴᠢᠨ ᠨᠥᠭᠦᠴᠡᠯ᠎ᠤᠨ ᠬᠠᠤᠯᠢ᠎ᠪᠠᠷ ᠵᠠᠰᠠᠬᠤ ᠪᠠᠲᠤᠯᠠᠭ᠎ᠠ ᠵᠢᠨ ᠰᠢᠨ᠎ᠡ ᠵᠢ ᠡᠭᠦᠳᠬᠦ ᠵᠢᠴᠢ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠠᠢ᠃ ᠣᠷᠳᠣᠰ ᠬᠤᠳᠠ ᠵᠢᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠂ ᠬᠠᠤᠯᠢᠵᠢᠭᠰᠠᠨ ᠬᠤᠳᠠᠯᠳᠤᠭ᠋ᠠᠨ᠎ᠤ ᠣᠷᠴᠢᠨ ᠨᠥᠭᠦᠴᠡᠯ᠎ᠤᠨ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠳᠣᠬᠢᠷᠠᠭᠤᠯᠬᠤ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠤᠭ᠋ᠠᠳ ᠂ ᠡᠯ᠎ᠡ ᠪᠦᠷᠢᠯᠳᠦᠭᠦᠨ ᠨᠢᠭᠡᠴᠢ᠎ᠨᠦᠭᠦᠳ᠎ᠤᠨ ᠠᠵᠢᠯ᠎ᠤᠨ ᠠᠬᠢᠴᠠ ᠪᠠ ᠬᠢᠯᠠᠰ ᠴᠡᠭ ᠲᠠᠢ ᠠᠵᠢᠯ᠎ᠤᠳ᠎ᠲᠤ ᠡᠬᠡ ᠲᠠᠩᠰᠠᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠦᠭᠰᠡᠨ ᠪᠠᠢ᠌ᠨ᠎ᠠ᠃
ᠨᠢᠭᠡ ᠬᠤᠪᠢ ᠵᠢᠨ ᠪᠠᠢ᠌ᠷᠢᠯᠠᠭᠤᠯᠤᠯᠲᠠ ᠂ ᠶᠢᠰᠦᠨ ᠬᠤᠪᠢ ᠵᠢᠨ ᠨᠠᠢ᠌ᠳᠠᠪᠤᠷᠢᠵᠢᠭᠤᠯᠤᠯᠲᠠ ᠃ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠦᠷᠪᠡᠨ ᠭᠠᠵᠠᠷ᠎ᠤᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ 《 ᠣᠷᠣᠨ ᠪᠦᠰᠡ ᠠᠯᠤᠰᠯᠠᠨ + 》 ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠬᠠᠮᠲᠤᠷᠠᠯᠴᠠᠭ᠋ᠠᠨ᠎ᠤ ᠰᠢᠨ᠎ᠡ ᠵᠠᠭᠪᠤᠷ᠎ᠢ ᠡᠭᠦᠳᠦᠨ ᠨᠡᠢ᠌ᠲᠡᠯᠡᠵᠦ᠂ ᠬᠠᠤᠯᠢ ᠴᠠᠭ᠋ᠠᠵᠠ ᠵᠢᠨ ᠬᠡᠷᠡᠭ᠎ᠢ ᠬᠠᠮᠲᠤᠷᠠᠨ ᠪᠠᠢ᠌ᠴᠠᠭ᠋ᠠᠬᠤ ᠂ ᠬᠡᠷᠡᠭ᠎ᠢ ᠬᠠᠮᠲᠤᠷᠠᠨ ᠬᠥᠳᠡᠯᠣᠯᠴᠡᠵᠦ ᠭᠦᠢ᠍ᠴᠡᠳᠬᠡᠬᠦ ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠲᠤᠷᠠᠨ ᠪᠠᠲᠤᠯᠠᠬᠤ ᠂ ᠮᠥᠩᠭᠥᠨ ᠭᠦᠢ᠍ᠯᠭᠡᠭᠡᠨ᠎ᠤ ᠲᠦᠭᠰᠢᠭᠦᠷᠢ᠎ᠠᠴᠠ ᠬᠠᠮᠲᠤᠷᠠᠨ ᠬᠠᠮᠠᠭ᠋ᠠᠯᠠᠬᠤ ᠪᠠ ᠶᠡᠷᠦᠩᠬᠡᠢ ᠠᠵᠢᠯᠯᠠᠭ᠋ᠠᠨ᠎ᠤ ᠳᠦᠷᠢᠮ 《 4 + 1 》 ᠵᠢ ᠨᠢᠭᠡ ᠴᠣᠭᠴᠠᠵᠢᠭᠤᠯᠤᠭᠰᠠᠨ ᠬᠠᠮᠵᠢᠯᠴᠠᠬᠤ ᠰᠢᠨ᠎ᠡ ᠲᠣᠭᠲᠠᠴᠠ ᠵᠢ ᠪᠠᠢ᠌ᠭᠤᠯᠤᠨ᠂ ᠤᠯᠤᠰ ᠲᠦᠷᠦ ᠬᠠᠤᠯᠢ ᠴᠠᠭ᠋ᠠᠵᠠ ᠵᠢᠨ ᠨᠢᠭᠡᠴᠢ᠎ᠨᠦᠭᠦᠳ᠎ᠤᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠎ᠠ ᠂ ᠪᠠᠢ᠌ᠴᠠᠭ᠋ᠠᠬᠤ ᠶᠠᠪᠤᠳᠠᠯ᠎ᠤᠨ ᠬᠠᠮᠵᠢᠯᠴᠠᠭ᠎ᠠ ᠂ ᠬᠣᠯᠪᠤᠭ᠋ᠠᠯᠠᠨ ᠬᠥᠳᠡᠯᠦᠯᠴᠡᠵᠦ ᠭᠦᠢ᠍ᠴᠡᠳᠬᠡᠬᠦ ᠬᠡᠪᠴᠢᠶ᠎ᠡ ᠵᠢ ᠥᠷᠭᠡᠳᠬᠡᠭᠡᠳ᠂ 1+1+1+1 > 4 ᠦᠷ᠎ᠡ ᠪᠦᠲᠦᠮᠵᠢ᠎ᠳᠤ ᠬᠦᠷᠪᠡ ᠃ ᠰᠢᠯᠢ ᠵᠢᠨ ᠭᠣᠣᠯ ᠠᠢ᠌ᠮᠠᠭ᠎ᠤᠨ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ 12 ᠵᠦᠢ᠍ᠯ᠎ᠤᠨ ᠠᠷᠭ᠎ᠠ ᠪᠠᠷᠢᠯ ᠂ 62 ᠵᠦᠢ᠍ᠯ᠎ᠤᠨ ᠳᠦᠷᠢᠮ᠎ᠤᠨ ᠲᠣᠭᠲᠠᠴᠠ ᠪᠠ 10 ᠲᠤᠰᠬᠠᠢ ᠠᠵᠢᠯᠯᠠᠭ᠎ᠠ ᠵᠢ ᠲᠣᠳᠣᠷᠬᠠᠢ ᠲᠣᠭᠲᠠᠭ᠋ᠠᠵᠤ᠂ ᠬᠠᠷᠢᠭᠤᠴᠠᠯᠭ᠋ᠠᠲᠠᠨ᠂ ᠴᠠᠭ᠎ᠤᠨ ᠬᠦᠰᠦᠨᠦᠭ ᠂ ᠵᠠᠮ ᠱᠤᠭᠤᠮ᠎ᠤᠨ ᠵᠢᠷᠤᠭ᠎ᠢ ᠴᠢᠨᠠᠭᠰᠢᠳᠠ ᠤᠯᠠᠮ ᠪᠠᠲᠤᠯᠠᠨ ᠲᠣᠭᠲᠠᠭ᠋ᠠᠵᠤ ᠂ ᠰᠠᠯᠠᠭ᠎ᠠ ᠮᠥᠴᠢᠷ᠂ ᠡᠭᠦᠷᠭᠡ᠂ ᠬᠠᠷᠠᠯᠲᠠ ᠵᠢ ᠳᠣᠭᠲᠠᠭ᠋ᠠᠨ ᠂ ᠡᠯ᠎ᠡ ᠵᠦᠢ᠍ᠯ᠎ᠤᠨ ᠡᠭᠦᠷᠭᠡ ᠵᠢᠨ ᠬᠦᠴᠦᠲᠡᠢ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠪᠠ᠃ ᠤᠯᠠᠭ᠋ᠠᠨᠬᠠᠳᠠ ᠬᠤᠳᠠ ᠵᠢᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ ᠲᠣᠬᠢᠷᠠᠭᠤᠯᠬᠤ ᠂ ᠬᠢᠨᠠᠨ ᠵᠢᠯᠤᠭᠣᠳᠬᠤ ᠂ ᠵᠥᠪᠳᠡᠯᠴᠡᠬᠦ ᠂ ᠤᠯᠠᠨ᠎ᠳᠤ ᠮᠡᠳᠡᠭᠳᠡᠬᠦ ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠡᠷᠭᠡ ᠠᠵᠢᠯ᠎ᠤᠨ ᠲᠣᠭᠲᠠᠴᠠ ᠵᠢ ᠪᠦᠷᠢᠨᠰᠢᠭᠦᠯᠵᠦ ᠂ ᠬᠠᠷᠢᠭᠤᠴᠠᠯᠭ᠎ᠠ ᠵᠢ ᠴᠢᠩᠭ᠎ᠠ ᠪᠣᠲᠠᠲᠠᠢ᠌ᠵᠢᠭᠤᠯᠤᠨ᠂ ᠨᠠᠷᠢᠨ ᠨᠢᠮᠪᠠᠢ ᠡᠮᠬᠢ ᠳᠢᠭᠯᠢᠮ᠎ᠲᠠᠢ ᠲᠣᠬᠢᠷᠠᠭᠤᠯᠵᠤ ᠂ ᠡᠯ᠎ᠡ ᠵᠦᠢ᠍ᠯ᠎ᠤᠨ ᠡᠭᠦᠷᠭᠡ ᠵᠢ ᠥᠨᠳᠥᠷ ᠪᠦᠲᠦᠮᠵᠢᠲᠡᠢ᠎ᠪᠠᠷ ᠡᠬᠢᠯᠡᠭᠦᠯᠪᠡ ᠃ ᠦᠬᠠᠢ ᠬᠤᠳᠠ ᠵᠢᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ ᠪᠦᠬᠦ ᠬᠤᠳᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠨᠢᠭᠡᠴᠢ᠎ᠨᠦᠭᠦᠳ᠎ᠢ ᠬᠢᠨᠠᠨ ᠰᠢᠮᠳᠠᠭᠤᠯᠤᠨ ᠵᠢᠯᠤᠭᠣᠳᠴᠤ ᠪᠠᠢ᠌ᠭ᠋ᠠᠳ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠬᠢᠭᠡᠳ ᠨᠡᠢ᠌ᠭᠡᠮ᠎ᠤᠨ ᠪᠠᠢ᠌ᠭᠤᠯᠤᠯ᠎ᠤᠨ ᠥᠭᠡᠷᠡᠴᠢᠯᠡᠯᠲᠡ ᠂ ᠬᠠᠤᠯᠢ᠎ᠪᠠᠷ ᠬᠤᠳᠠ ᠵᠢ ᠵᠠᠰᠠᠬᠤ ᠬᠠᠤᠯᠢ ᠴᠠᠭ᠋ᠠᠵᠠ ᠵᠢᠨ ᠵᠣᠬᠢᠴᠠᠭᠤᠯᠭ᠎ᠠ ᠬᠢᠭᠡᠳ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠵᠢᠷᠤᠮᠵᠢᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠠᠵᠢᠯ᠎ᠢ ᠨᠢᠭᠡ ᠴᠣᠭᠴᠠᠵᠢᠭᠤᠯᠤᠨ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠵᠤ ᠂ ᠬᠠᠤᠯᠢ ᠴᠠᠭ᠋ᠠᠵᠠ ᠵᠢᠨ ᠤᠯᠠᠨ ᠨᠡᠶ᠋ᠢᠲᠡ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠴᠢᠨᠠᠷ ᠰᠠᠢ᠌ᠲᠠᠢ ᠦᠨᠳᠦᠷ ᠪᠦᠲᠦᠮᠵᠢᠲᠡᠢ᠎ᠪᠠᠷ ᠨᠠᠢ᠌ᠳᠠᠪᠤᠷᠢᠵᠢᠭᠤᠯᠤᠨ ᠪᠣᠲᠠᠲᠠᠢ᠌ᠵᠢᠭᠤᠯᠬᠤ ᠵᠢ ᠪᠠᠲᠤᠯᠠᠵᠠᠢ ᠃