10 ᠳ᠋ᠤᠭᠠᠷ ᠰᠠᠷ᠎ᠠ᠎ᠶᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠵᠣᠷᠢᠭᠤᠯᠤᠭ᠍ᠰᠠᠨ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠳᠡᠬᠢ ᠲᠣᠮᠣ ᠬᠡᠪᠴᠢᠶᠡᠨ᠎ᠦ ᠣᠷᠢᠵᠤ ᠡᠯᠰᠡᠬᠦ ᠴᠤᠭᠯᠠᠭᠠᠨ ᠥᠪᠥᠷ ᠮᠣᠩᠭᠣᠯ᠎ᠤᠨ ᠱᠢᠨᠵᠢᠯᠡᠭᠡ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠭ᠍ᠳᠠᠪᠠ᠃ ᠣᠷᠢᠵᠤ ᠡᠯᠰᠡᠬᠦ᠌ ᠴᠤᠭ᠍ᠯᠠᠭᠠᠨ ᠨᠢ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠳᠡᠬᠢ ᠣᠷᠢᠵᠤ ᠡᠯᠰᠡᠬᠦ ᠰᠢᠵᠢᠷ ᠠᠯᠲᠠᠨ ᠬᠤᠭᠤᠴᠠᠭ᠎ᠠ᠎ᠶᠢ ᠠᠮᠵᠢᠨ᠂ 2026 ᠣᠨ᠎ᠳᠠᠬᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠡᠷᠲᠡᠬᠡᠨ ᠠᠵᠢᠯ ᠣᠯᠵᠤ᠂ ᠤᠷᠤᠭᠰᠢᠲᠠᠢ ᠠᠵᠢᠯ ᠣᠯᠬᠤ᠎ᠶᠢ ᠠᠬᠢᠭᠤᠯᠬᠤ᠎ᠪᠠᠷ ᠵᠣᠷᠢᠯᠭ᠎ᠠ᠎ᠪᠠᠨ ᠪᠣᠯᠭᠠᠭ᠍ᠰᠠᠨ ᠶᠤᠮ᠃
ᠲᠣᠰ ᠤᠳᠠᠭᠠᠨ᠎ᠤ ᠣᠷᠢᠵᠤ ᠡᠯᠰᠡᠬᠦ ᠴᠤᠭᠯᠠᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠡᠨᠧᠷᠭᠢ᠎ᠶᠢᠨ ᠲᠣᠪᠴᠢᠶ᠎ᠠ ᠬᠠᠮᠲᠤᠷᠠᠨ ᠡᠷᠭᠢᠯᠡᠵᠦ᠂ ᠣᠷᠣᠨ᠎ᠤ ᠳᠣᠲᠣᠨ᠎ᠠ ᠭᠠᠳᠠᠨᠠᠬᠢ 205 ᠰᠢᠯᠢᠳᠡᠭ ᠠᠵᠤ ᠠᠬᠤᠢᠯᠠᠯ᠎ᠢ ᠤᠷᠢᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠲᠦᠮᠡ ᠭᠠᠷᠤᠢ ᠠᠵᠢᠯ᠎ᠤᠨ ᠪᠠᠢᠷᠢ ᠬᠠᠩᠭᠠᠭ᠍ᠰᠠᠨ ᠪᠦᠭᠡᠳ ᠡᠨᠧᠷᠭᠢ᠂ ᠦᠢᠯᠡᠳᠬᠦ ᠦᠢᠯᠡᠰ᠂ ᠮᠡᠳᠡᠭᠡ ᠵᠠᠩᠭᠢ᠎ᠶᠢᠨ ᠮᠡᠷᠭᠡᠵᠢᠯ᠂ ᠮᠥᠩᠭᠥᠨ ᠭᠦᠢᠯᠭᠡᠭᠡ᠂ ᠰᠤᠷᠭᠠᠨ ᠬᠥᠮᠦᠵᠢᠯ ᠵᠡᠷᠭᠡ ᠣᠯᠠᠨ ᠠᠵᠢᠯ ᠲᠥᠷᠥᠯ᠎ᠦᠨ ᠬᠦᠷᠢᠶ᠎ᠡ᠎ᠶᠢ ᠬᠠᠮᠤᠷᠴᠤ᠂ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ 1.3 ᠲᠦᠮᠡ ᠰᠢᠬᠠᠮ ᠲᠡᠭᠦᠰᠦᠭᠰᠡᠳ ᠣᠷᠣᠯᠴᠠᠵᠠᠢ᠃ ᠡᠭᠦᠨ᠎ᠦ ᠬᠠᠮᠲᠤ᠂ ᠣᠷᠢᠵᠤ ᠡᠯᠰᠡᠬᠦ ᠴᠤᠭ᠍ᠯᠠᠭᠠᠨ ᠨᠢ ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠰᠦᠯᠵᠢᠶᠡᠨ ᠳᠡᠭᠡᠷᠡᠬᠢ ᠬᠣᠣᠰ ᠰᠤᠩᠭᠤᠯᠲᠠ᠎ᠶ᠋ᠢᠨ ᠴᠤᠭ᠍ᠯᠠᠭᠠᠨ᠎ᠢ ᠵᠡᠷᠭᠡ᠎ᠪᠡᠷ ᠶᠠᠪᠤᠭ᠍ᠳᠠᠭᠤᠯᠵᠤ᠂ ᠲᠤᠬᠠᠢ᠎ᠶᠢᠨ ᠲᠠᠯᠠᠪᠤᠷ᠎ᠲᠤ ᠬᠦᠷᠴᠦ ᠳᠡᠶ᠋ᠢᠯᠬᠦ ᠦᠭᠡᠢ ᠲᠡᠭᠦᠰᠭᠦ ᠰᠤᠷᠤᠭ᠍ᠴᠢᠳ᠎ᠤᠨ 《ᠡᠭᠦᠯᠡ᠎ᠪᠡᠷ ᠠᠵᠢᠯ ᠡᠷᠢᠬᠦ》᠎ᠳᠤ ᠲᠥᠬᠥᠮ ᠦᠵᠡᠭᠦᠯᠦᠨ᠂ ᠠᠵᠢᠯ ᠣᠯᠭᠣᠯᠲᠠ᠎ᠶᠢᠨ ᠦᠢᠯᠡᠴᠢᠯᠡᠭᠡ᠎ᠶᠢᠨ ᠪᠦᠷᠬᠦᠴᠡ᠎ᠶᠢ ᠨᠠᠩ ᠥᠷᠭᠡᠨ ᠳᠡᠯᠭᠡᠷ ᠪᠣᠯᠭᠠᠬᠤ᠎ᠶᠢ ᠦᠨᠡᠨ ᠬᠦ᠌ ᠪᠠᠲᠤᠯᠠᠪᠠ᠃ ᠣᠷᠢᠵᠤ ᠡᠯᠰᠡᠬᠦ ᠴᠤᠭᠯᠠᠭᠠᠨ᠎ᠳᠤ ᠪᠠᠰᠠ ᠠᠵᠢᠯ ᠣᠯᠭᠣᠯᠲᠠ᠎ᠶᠢᠨ 《ᠲᠤᠰᠠᠯᠠᠮᠵᠢ᠎ᠶ᠋ᠢᠨ ᠥᠷᠲᠡᠭᠡ》᠎ᠶ᠋ᠢ ᠵᠡᠷᠭᠡ᠎ᠪᠡᠷ ᠲᠣᠬᠢᠷᠠᠭᠤᠯᠵᠤ᠂ ᠲᠡᠭᠦᠰᠬᠦ ᠰᠤᠷᠤᠭ᠍ᠴᠢᠳ᠎ᠲᠤ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ ᠬᠠᠩᠭᠠᠬᠤ᠂ ᠠᠵᠢᠯ ᠮᠡᠷᠭᠡᠵᠢᠯ᠎ᠦᠨ ᠲᠥᠯᠦᠪᠵᠢᠭᠦᠯᠭᠡ᠂ ᠲᠣᠪᠴᠢ ᠨᠠᠮᠲᠠᠷ᠎ᠤᠨ ᠣᠨᠣᠰᠢᠯᠠᠯᠲᠠ᠂ ᠨᠢᠭᠤᠷᠲᠠᠨ ᠰᠢᠯᠭᠠᠯᠲᠠ᠎ᠶᠢᠨ ᠵᠢᠯᠣᠭᠣᠳᠤᠯᠭ᠎ᠠ ᠵᠢᠴᠢ ᠡᠷᠬᠡ ᠠᠰᠢᠭ᠋᠎ᠤᠨ ᠪᠠᠲᠤᠯᠠᠭ᠎ᠠ᠎ᠶᠢᠨ ᠬᠠᠤᠯᠢ ᠴᠠᠭᠠᠵᠠ᠎ᠶᠢᠨ ᠯᠠᠪᠯᠠᠭ᠎ᠠ ᠵᠡᠷᠭᠡ᠎ᠶᠢ ᠬᠠᠮᠤᠷᠤᠭᠰᠠᠨ ᠪᠥᠬᠥ ᠲᠠᠯ᠎ᠠ᠎ᠪᠠᠷ ᠬᠢ ᠨᠢᠭᠡ ᠥᠷᠲᠡᠭᠡᠴᠢᠯᠡᠭ᠌ᠰᠡᠨ ᠮᠠᠶᠢᠭ᠋᠎ᠤᠨ ᠦᠢᠯᠡᠴᠢᠯᠡᠭᠡ ᠬᠠᠩᠭᠠᠵᠤ᠂ ᠲᠡᠭᠦᠰᠬᠦ ᠰᠤᠷᠤᠭ᠍ᠴᠢᠳ᠎ᠤᠨ ᠠᠵᠢᠯ ᠡᠷᠢᠬᠦ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠂ ᠠᠵᠢᠯ ᠣᠯᠬᠤ ᠢᠲᠡᠭᠡᠯ᠎ᠢᠶᠡᠨ ᠨᠡᠮᠡᠭᠳᠡᠭᠦᠯᠬᠦ᠂ ᠠᠵᠢᠯ ᠣᠯᠬᠤ ᠪᠦᠲᠦᠮᠵᠢ᠎ᠶᠢᠨ ᠨᠣᠷᠮ᠎ᠠ᠎ᠪᠡᠨ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠄ 《ᠪᠢᠳᠡ ᠬᠠᠮᠢᠶ᠎ᠠ ᠪᠦᠬᠦᠢ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠎ᠦᠨ ᠠᠵᠤ ᠠᠬᠤᠢᠯᠠᠯ ᠵᠢᠴᠢ ᠬᠥᠮᠥᠨ ᠬᠡᠷᠡᠭᠯᠡᠬᠦ ᠨᠢᠭᠡᠴᠢ ᠵᠡᠷᠭᠡ ᠯᠦ᠍ᠭᠡ ᠬᠠᠮᠵᠢᠯᠴᠠᠬᠤ᠎ᠪᠠᠨ ᠴᠢᠩᠭᠠᠳᠬᠠᠵᠤ᠂ 〈ᠠᠯᠲᠠᠨ ᠨᠠᠮᠤᠷ᠎ᠢᠶᠠᠷ ᠠᠶᠠᠯᠠᠯ ᠡᠬᠢᠯᠡᠭᠦᠯᠬᠦ᠌〉 ᠰᠤᠷᠭᠠᠭᠤᠯᠢ᠎ᠶᠢᠨ ᠬᠦᠷᠢᠶᠡᠨ᠎ᠳᠦ ᠣᠷᠢᠵᠤ ᠡᠯᠰᠡᠬᠦ᠂ 〈ᠱᠢᠯᠢᠳᠡᠭ ᠠᠵᠤ ᠠᠬᠤᠢᠯᠠᠯ ᠴᠢᠳᠠᠪᠤᠷᠢᠲᠠᠨ ᠣᠷᠢᠬᠤ〉 ᠬᠠᠨᠳᠤᠯᠭ᠎ᠠ᠎ᠲᠠᠢ᠎ᠪᠠᠷ ᠠᠵᠤ ᠠᠬᠤᠢᠯᠠᠯ᠎ᠳᠤ ᠠᠢᠯᠴᠢᠯᠠᠵᠤ ᠰᠤᠷᠪᠤᠯᠵᠢᠯᠠᠨ ᠠᠵᠢᠯ᠎ᠤᠨ ᠪᠠᠢᠷᠢ᠎ᠪᠠᠨ ᠥᠷᠭᠡᠳᠬᠡᠬᠦ᠂ 〈ᠠᠵᠢᠯ ᠮᠡᠷᠭᠡᠵᠢᠯ᠎ᠢᠶᠡᠷ ᠢᠷᠡᠭᠡᠳᠦᠢ ᠲᠡᠢᠰᠢ ᠬᠦᠲᠦᠯᠬᠦ᠌〉 ᠠᠵᠢᠯ ᠣᠯᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ 〈ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ〉 ᠭᠣᠣᠯ ᠰᠡᠳᠦᠪᠲᠦ ᠬᠥᠮᠦᠵᠢᠯ ᠵᠡᠷᠭᠡ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠮᠠᠨ᠎ᠤ ᠣᠷᠣᠨ᠎ᠤ 2026 ᠣᠨ᠎ᠳᠠᠬᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠨᠠᠩ ᠭᠦᠢᠴᠡᠳ ᠨᠠᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠎ᠠ》 ᠭᠡᠵᠡᠢ᠃