11 ᠳ᠋ᠦ᠍ᠭᠡᠷ ᠰᠠᠷ᠎ᠠ᠎ᠶᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠨᠧᠷᠭᠢ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯᠲᠠᠨ ᠤᠷᠢᠵᠤ ᠡᠯᠰᠡᠬᠦ ᠲᠤᠰᠬᠠᠢ ᠲᠠᠯᠠᠪᠤᠷ ᠴᠤᠭᠯᠠᠭᠠᠨ᠎ᠢ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠡᠷᠬᠢᠯᠡᠪᠡ᠃
ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠴᠤᠭᠯᠠᠭᠠᠨ ᠨᠢ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠬᠠᠮᠲᠤ᠎ᠶᠢᠨ ᠴᠣᠭᠴᠠ᠎ᠶᠢᠨ ᠣᠶᠤᠨᠲᠤ ᠲᠠᠪᠴᠠᠩ᠎ᠤᠨ ᠳᠠᠪᠠᠭᠤᠯᠢᠭ᠋᠎ᠲᠤ ᠲᠦᠰᠢᠭᠯᠡᠭᠡᠳ᠂ ᠳᠤᠮᠳᠠᠳᠤ ᠤᠯᠤᠰ᠎ᠤᠨ ᠳᠠᠪᠤᠰᠤᠨ᠎ᠤ ᠦᠢᠯᠡᠰ᠎ᠦᠨ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠵᠦᠸᠸ ᠵᠧᠩ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠂ ᠵᠢᠩ ᠳ᠋ᠦᠩ ᠹᠠᠩ ᠪᠦᠯᠦᠭᠯᠡᠯ᠂ ᠱᠠᠨᠳᠦ᠋ᠩ᠎ᠤᠨ ᠾᠧᠩ ᠪᠠᠩ ᠲᠡᠮᠦᠷᠯᠢᠭ ᠪᠣᠯᠪᠠᠰᠤᠷᠠᠭᠤᠯᠬᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠣᠷᠣᠨ᠎ᠤ ᠳᠣᠲᠣᠨ᠎ᠠ ᠭᠠᠳᠠᠨᠠᠬᠢ 110 ᠭᠠᠷᠤᠢ ᠰᠢᠯᠢᠳᠡᠭ ᠠᠵᠤ ᠠᠬᠤᠢᠯᠠᠯ᠎ᠢ ᠴᠤᠭᠯᠠᠷᠠᠭᠤᠯᠤᠭᠰᠠᠨ ᠪᠠᠢᠨ᠎ᠠ᠃ ᠡᠭᠦᠨ᠎ᠡᠴᠡ ᠭᠠᠳᠠᠨ᠎ᠠ᠂ ᠣᠷᠳᠣᠰ᠎ᠤᠨ ᠱᠠᠩᠬᠤ᠎ᠶᠢᠨ ᠰᠦᠮ᠎ᠡ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠂ ᠦᠬᠠᠢ ᠬᠣᠲᠠ᠎ᠶᠢᠨ ᠤᠳᠠ ᠲᠣᠭᠣᠷᠢᠭ᠋᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠵᠡᠷᠭᠡ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠳ ᠠᠬᠤᠢ ᠲᠠᠯᠠᠪᠠᠢ᠎ᠳᠤ ᠴᠢᠳᠠᠪᠤᠷᠢᠲᠠᠨ ᠤᠷᠢᠵᠤ᠂ 5000 ᠭᠠᠷᠤᠢ ᠠᠵᠢᠯ᠎ᠤᠨ ᠪᠠᠢᠷᠢ ᠬᠠᠩᠭᠠᠵᠠᠢ᠃ ᠠᠵᠢᠯᠲᠠᠨ ᠤᠷᠢᠵᠤ ᠡᠯᠰᠡᠬᠦ ᠴᠤᠭᠯᠠᠭᠠᠨ᠎ᠤ ᠠᠵᠢᠯ᠎ᠤᠨ ᠪᠠᠢᠷᠢ᠎ᠳᠤ ᠡᠨᠧᠷᠭᠢ ᠬᠢᠮᠢ᠎ᠶᠢᠨ ᠠᠵᠤ ᠦᠢᠯᠡᠳᠪᠦᠷᠢ᠂ ᠲᠣᠨᠣᠭ ᠲᠥᠬᠦᠭᠡᠷᠦᠮᠵᠢ ᠦᠢᠯᠡᠳᠬᠦ᠂ ᠰᠢᠨ᠎ᠡ ᠮᠠᠲᠧᠷᠢᠶᠠᠯ᠂ ᠮᠡᠳᠡᠭᠡ ᠵᠠᠩᠭᠢ᠎ᠶᠢᠨ ᠮᠡᠷᠭᠡᠵᠢᠯ᠂ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠡᠷᠭᠡ ᠣᠯᠠᠨ ᠬᠦᠷᠢᠶ᠎ᠡ᠎ᠶᠢ ᠬᠠᠮᠤᠷᠴᠤ᠂ 4000 ᠭᠠᠷᠤᠢ ᠲᠡᠭᠦᠰᠬᠦ ᠰᠣᠷᠣᠭ᠍ᠴᠢ ᠠᠬᠤᠢ ᠲᠠᠯᠠᠪᠠᠢ᠎ᠳᠤ ᠠᠵᠢᠯ ᠡᠷᠢᠵᠦ᠂ 6000 ᠭᠠᠷᠤᠢ ᠬᠤᠪᠢ ᠲᠣᠪᠴᠢ ᠨᠠᠮᠲᠠᠷ ᠳᠡᠪᠰᠢᠭᠦᠯᠵᠦ᠂ 1500 ᠭᠠᠷᠤᠢ ᠬᠥᠮᠥᠨ᠎ᠲᠠᠢ ᠭᠡᠷ᠎ᠡ ᠲᠣᠭᠲᠠᠵᠤ᠂ ᠲᠡᠭᠦᠰᠬᠦ ᠰᠣᠷᠣᠭ᠍ᠴᠢᠳ ᠬᠢᠭᠡᠳ ᠠᠵᠤ ᠠᠬᠤᠢᠯᠠᠯ᠎ᠤᠳ᠎ᠢ ᠥᠨᠳᠥᠷ ᠪᠦᠲᠦᠮᠵᠢᠲᠡᠶ᠎ᠪᠡᠷ ᠵᠣᠯᠭᠠᠭᠤᠯᠬᠤ ᠠᠵᠢᠯ ᠣᠯᠭᠣᠯᠲᠠ᠎ᠶᠢᠨ ᠬᠥᠭᠥᠷᠭᠡ ᠪᠠᠢᠭᠤᠯᠵᠤ ᠥᠭᠪᠡ᠃
ᠣᠳᠣᠬᠠᠨ᠎ᠳᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠡᠷᠢᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠪᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ᠎ᠢ ᠵᠣᠬᠢᠶᠠᠨ ᠪᠠᠢᠭᠤᠯᠤᠨ ᠠᠵᠢᠯ᠎ᠤᠨ ᠪᠠᠢᠷᠢ᠎ᠶᠢᠨ ᠳᠠᠯᠳᠠ ᠬᠦᠴᠦᠨ᠎ᠢ ᠭᠦᠨ ᠠᠭᠤᠳᠠᠯᠵᠤ᠂ ᠬᠠᠩᠭᠠᠯᠭ᠎ᠠ᠎ᠶᠢᠨ ᠠᠷᠭ᠎ᠠ ᠵᠠᠮ᠎ᠢ ᠥᠷᠭᠡᠳᠬᠡᠵᠦ ᠪᠠᠢᠬᠤ᠎ᠶᠢᠨ ᠬᠠᠮᠲᠤ᠂ ᠨᠠᠷᠢᠯᠢᠭ᠋ ᠣᠨᠣᠴᠠᠲᠠᠢ ᠪᠥᠭᠡᠳ ᠬᠠᠯᠠᠮᠵᠢᠯᠠᠨ ᠠᠩᠬᠠᠷᠬᠤ ᠠᠵᠢᠯ ᠣᠯᠭᠣᠯᠲᠠ᠎ᠶᠢᠨ ᠲᠥᠯᠦᠪᠵᠢᠭᠦᠯᠭᠡ᠎ᠶᠢᠨ ᠵᠢᠯᠣᠭᠣᠳᠤᠯᠭ᠎ᠠ᠎ᠶᠢ ᠬᠦᠴᠦᠯᠡᠨ ᠬᠠᠩᠭᠠᠵᠤ᠂ ᠲᠡᠭᠦᠰᠦᠭᠰᠡᠳ᠎ᠦᠨ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠬᠤ᠎ᠶᠢ ᠪᠥᠬᠥ ᠬᠦᠴᠦᠨ᠎ᠢᠶᠡᠷ ᠠᠬᠢᠭᠤᠯᠵᠤ ᠪᠠᠢᠨ᠎ᠠ᠃