12 ᠰᠠᠷ᠎ᠠ᠎ᠶ᠋ᠢᠨ 9᠎ᠡᠴᠡ 10᠎ᠤ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ 《ᠠᠷᠪᠠ ᠵᠠᠭᠤ ᠮᠢᠩᠭ᠎ᠠ ᠲᠦᠮᠡ》᠎ᠶᠢᠨ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠡᠯ᠎ᠡ ᠭᠠᠵᠠᠷ᠎ᠲᠤ ᠬᠦᠷᠴᠦ᠍ ᠬᠠᠨᠳᠤᠯᠭᠠᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠦᠨ ᠣᠷᠳᠣᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠼᠦᠢ ᠸᠧᠨ ᠵᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤ᠋ᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠭᠦᠨᠵᠡᠭᠡᠶ ᠮᠦᠷᠳᠡᠭᠡᠨ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠳᠠ᠎ᠶᠢᠨ ᠠᠭᠤᠯᠭ᠎ᠠ ᠨᠢ ᠪᠣᠳᠠᠲᠠᠢ᠎ᠲᠠᠶ ᠨᠢᠭ᠍ᠲᠠ ᠤᠶᠠᠯᠳᠤᠵᠤ᠂ ᠯᠣᠭᠢᠭ ᠨᠢ ᠲᠣᠳᠣᠷᠬᠠᠢ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠮᠠᠰᠢ ᠴᠢᠩᠭ᠎ᠠ ᠵᠢᠯᠣᠭᠣᠳᠭᠤ ᠴᠢᠨᠠᠷᠲᠠᠢ ᠪᠤᠯᠪᠠ᠃
《ᠤᠬᠠᠭᠤᠯᠤᠨ ᠲᠠᠢᠯᠪᠤᠷᠢᠯᠠᠯᠳᠠ ᠨᠢ ᠤᠯᠤᠰ ᠲᠦᠷᠦ᠍᠎ᠶ᠋ᠢᠨ ᠦᠨᠳᠦᠷᠴᠡ ᠪᠠ ᠤᠨᠤᠯ᠎ᠤᠨ ᠭᠦᠨᠴᠡ᠎ᠲᠡᠶ ᠪᠥᠭᠡᠳ ᠥᠪᠥᠷ ᠮᠣᠩᠭᠣᠯ᠎ᠤᠨ ᠪᠣᠳᠠᠲᠤ ᠪᠠᠢᠳᠠᠯ ᠪᠠ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠵᠤ᠂ ᠪᠢᠳᠡᠨ᠎ᠦ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠳᠡᠬᠦ᠌᠎ᠳᠦ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ》᠂ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠤ ᠴᠤᠭ᠍ᠯᠠᠭᠤᠯᠤᠨ ᠡᠮᠬᠢᠯᠡᠬᠦ᠌ ᠨᠢᠭᠡᠳᠦᠭᠡᠷ ᠭᠠᠵᠠᠷ᠎ᠤᠨ ᠳᠠᠷᠤᠭ᠎ᠠ ᠯᠢ ᠱᠢᠤ ᠫᠢᠩ ᠬᠡᠯᠡᠬᠦ᠌᠎ᠳᠡᠭᠡᠨ᠂ 《ᠲᠠᠩᠰᠠ ᠡᠪᠬᠡᠮᠡᠯ᠎ᠦᠨ ᠠᠵᠢᠯ᠎ᠢ᠋ ᠦᠵᠡᠬᠦ᠌᠎ᠳᠦ ᠡᠭᠡᠯ ᠵᠢᠷ᠎ᠦᠨ ᠪᠣᠯᠪᠠᠴᠤ᠌ ᠦᠨᠡᠨ ᠳ᠋ᠡᠭᠡᠨ ᠬᠠᠷᠢᠭᠤᠴᠠᠯᠭ᠎ᠠ᠎ᠨᠢ ᠬᠦᠨᠳᠦ ᠶᠡᠬᠡ ᠪᠠᠢᠳᠠᠭ᠂ ᠲᠡᠦᠬᠡ᠎ᠶ᠋ᠢ ᠲᠡᠮᠳᠡᠭ᠌ᠯᠡᠬᠦ᠌᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠦᠶ᠋ᠯᠡᠴᠢᠯᠡᠬᠦ᠌᠂ ᠵᠠᠰᠠᠭ᠎ᠲᠤ ᠲᠤᠰᠠᠯᠠᠨ ᠬᠥᠮᠦᠨ᠎ᠢ ᠬᠥᠮᠦᠵᠢᠭᠦᠯᠬᠦ᠌ ᠴᠢᠬᠤᠯᠠ ᠰᠠᠭᠤᠷᠢ ᠪᠣᠯᠤᠨ᠎ᠠ᠃ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠲᠠᠩᠰᠠ ᠡᠪᠬᠡᠮᠡᠯ᠎ᠦᠨ ᠡᠬᠢ ᠪᠠᠶᠠᠯᠢᠭ᠎ᠢ ᠰᠠᠢᠲᠤᠷ ᠬᠠᠮᠢᠶᠠᠷᠤᠨ ᠬᠡᠷᠡᠭ᠌ᠯᠡᠵᠦ᠍᠂ ᠲᠠᠩᠰᠠ ᠡᠪᠬᠡᠮᠡᠯ᠎ᠦᠨ ᠡᠬᠢ ᠪᠠᠶᠠᠯᠢᠭ᠎ᠤᠨ ᠴᠠᠭ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠡᠨᠡ ᠬᠦ᠌〈ᠪᠠᠭ᠎ᠠ ᠶᠠᠪᠤᠳᠠᠯ〉ᠵᠢᠡᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠶᠢᠨ〈ᠶᠡᠬᠡ ᠶᠠᠪᠤᠳᠠᠯ〉᠎ᠳᠤ ᠰᠠᠢᠲᠤᠷ ᠦᠶ᠋ᠯᠡᠴᠢᠯᠡᠵᠦ᠂ ᠨᠠᠮ᠎ᠤᠨ ᠲᠥᠯᠥᠭᠡ ᠲᠠᠩᠰᠠ ᠡᠪᠬᠡᠮᠡᠯ᠎ᠢ ᠬᠠᠮᠢᠶᠠᠷᠬᠤ᠂ ᠤᠯᠤᠰ᠎ᠤᠨ ᠲᠥᠯᠥᠭᠡ ᠲᠡᠦᠬᠡ᠎ᠶ᠋ᠢ ᠰᠠᠬᠢᠬᠤ᠂ ᠠᠷᠠᠳ ᠲᠦᠮᠡᠨ᠎ᠳᠦ ᠦᠶ᠋ᠯᠡᠴᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠨ᠎ᠡ》 ᠭᠡᠵᠡᠢ᠃
ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠣᠷᠴᠢᠨ ᠵᠠᠮ᠎ᠤᠨ ᠵᠡᠭᠡᠯᠢ ᠭᠤᠳᠤᠮᠵᠢ᠎ᠶ᠋ᠢᠨ ᠳ᠋ᠦᠡᠭ ᠠᠨ ᠨᠡᠢᠭᠡᠮ ᠲᠣᠭᠣᠷᠢᠭ᠎ᠲᠤ᠌᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠭᠤᠷᠪᠠᠳᠤᠭᠠᠷ ᠭᠠᠵᠠᠷ᠎ᠤᠨ ᠳᠡᠳ᠋ ᠳᠠᠷᠤᠭ᠎ᠠ ᠸᠠᠩ ᠵᠢᠨ ᠨᠠᠨ ᠪᠤᠯᠤᠨ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠭᠠᠡᠭ ᠲᠢᠶ᠍ᠸ ᠵᠠᠮ᠎ᠤᠨ ᠬᠡᠷᠡᠭ ᠡᠷᠬᠢᠯᠡᠬᠦ᠌ ᠭᠠᠵᠠᠷ᠎ᠤᠨ ᠺᠠᠳ᠋ᠷ ᠬᠠᠨ ᠴᠤᠤ᠂ 《ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠬᠦ᠌》᠂ 《ᠰᠦᠢᠳᠭᠡᠯ ᠬᠤᠷᠢᠶᠠᠬᠤ ᠦᠭᠡᠶ ᠰᠤᠷᠭᠠᠨ ᠬᠥᠮᠦᠵᠢᠯ᠎ᠤᠨ ᠬᠡᠪᠴᠢᠶ᠎ᠡ᠎ᠶ᠋ᠢ ᠲᠣᠭ᠍ᠲᠠᠭᠤᠨ᠎ᠢᠶᠠᠷ ᠥᠷᠭᠡᠳᠭᠡᠬᠦ᠌》᠂ 《ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠡᠬᠢᠵᠢᠬᠦᠯᠬᠦ ᠢᠨᠵᠧᠨᠧᠷᠢᠩ᠎ᠢ ᠬᠡᠷᠡᠭ᠌ᠵᠢᠭᠦᠯᠬᠦ᠌》᠂ 《ᠱᠢᠶᠠᠨ᠎ᠤ ᠬᠡᠪᠴᠢᠶᠡᠨ᠎ᠦ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠬᠤ》 ᠵᠡᠷᠭᠡ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ《ᠰᠠᠨᠠᠯ》ᠳ᠋ᠡᠬᠢ ᠠᠷᠠᠳ᠎ᠤᠨ ᠠᠮᠢᠳᠤᠷᠠᠯ᠎ᠤᠨ ᠦᠢᠯᠡᠰ᠎ᠯᠦᠭᠡ ᠨᠢᠭ᠍ᠲᠠ ᠬᠣᠯᠪᠣᠭ᠎ᠠ᠎ᠲᠠᠶ ᠬᠠᠯᠠᠮᠱᠢᠯ ᠦᠭᠡᠰ᠎ᠢ ᠠᠮᠢᠳᠤᠯᠢᠭ ᠦᠭᠡ ᠬᠡᠯᠡ ᠪᠠ ᠬᠡᠷᠡᠭ᠎ᠦᠨ ᠵᠢᠱ᠌ᠢᠶ᠎ᠡ᠎ᠪᠡᠷ ᠲᠠᠢᠯᠪᠤᠷᠢᠯᠠᠪᠠ᠃ ᠣᠯᠠᠨ᠎ᠢᠶᠠᠷ᠎ᠢᠶᠠᠨ ᠰᠣᠨᠣᠰᠤᠭ᠍ᠰᠠᠨ᠎ᠤ ᠳᠠᠷᠠᠭ᠎ᠠ᠂ ᠤᠯᠤᠰ᠎ᠤᠨ ᠬᠥᠭ᠌ᠵᠢᠯᠲᠡ᠎ᠶ᠋ᠢᠨ ᠢᠷᠡᠭᠡᠳᠦᠶ᠎ᠳᠤ ᠢᠲᠡᠭᠡᠯ ᠳᠦᠭᠦᠷᠡᠩ ᠪᠠᠢᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
ᠲᠦᠩᠯᠢᠶᠣᠤ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ《ᠠᠷᠪᠠ ᠵᠠᠭᠤ ᠮᠢᠩᠭ᠎ᠠ ᠲᠦᠮᠡ》᠎ᠶ᠋ᠢᠨ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶᠢᠨ ᠳᠡᠳ᠋ ᠲᠡᠷᠢᠭᠦᠯᠡᠭ᠌ᠴᠢ ᠱᠸᠤ ᠯᠠᠨ ᠯᠠᠨ ᠤᠬᠠᠭᠤᠯᠤᠨ ᠲᠠᠢᠯᠪᠤᠷᠢᠯᠠᠪᠠ᠃ ᠲᠡᠷᠡ《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠂ ᠭᠤᠤᠯᠳᠠᠯᠭ᠎ᠠ᠎ᠲᠠᠶ ᠡᠭᠦᠷᠭᠡ᠂ ᠢᠯᠠᠩᠭᠤᠶ᠎ᠠ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠬᠥᠭ᠌ᠵᠢᠯᠲᠡ ᠲᠡᠶ ᠨᠢᠭ᠍ᠲᠠ ᠬᠣᠯᠪᠣᠭ᠍ᠳᠠᠬᠤ ᠠᠭᠤᠯᠭ᠎ᠠ᠎ᠶ᠋ᠢᠨ ᠲᠣᠭᠣᠷᠢᠨ᠎ᠳᠤ ᠨᠠᠷᠢᠨ ᠲᠣᠳᠣᠷᠬᠠᠢᠯᠠᠨ ᠥᠭᠦᠯᠡᠭ᠌ᠰᠡᠨ ᠪᠥᠭᠡᠳ ᠠᠮᠢᠳᠤᠯᠢᠭ ᠲᠠᠢᠯᠤᠮᠵᠢ ᠬᠢᠪᠡ᠃
ᠲᠦᠩᠯᠢᠶᠣᠤ ᠬᠤᠳᠠ᠎ᠶ᠋ᠢᠨ ᠬᠣᠷᠴᠢᠨ ᠲᠣᠭᠣᠷᠢᠭ᠎ᠤᠨ ᠬᠣᠩ ᠱᠢᠩ ᠭᠣᠣᠯ ᠪᠠᠭ᠎ᠠ ᠰᠤᠷᠭᠠᠭᠤᠯᠢ᠎ᠶ᠋ᠢᠨ ᠨᠠᠮ᠎ᠤᠨ ᠡᠭᠦᠷ᠎ᠦᠨ ᠱᠦᠵᠢ᠂ ᠰᠤᠷᠭᠠᠭᠤᠯᠢ᠎ᠶ᠋ᠢᠨ ᠵᠠᠬᠢᠷᠤᠯ ᠪᠤᠦ ᠵᠢᠨ ᠶᠠᠨ᠄ 《ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭ᠍ᠰᠠᠨ᠎ᠤ ᠳᠠᠷᠠᠭ᠎ᠠ ᠶᠡᠬᠡ ᠣᠯᠤᠯᠲᠠ᠎ᠲᠠᠶ᠃ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠢᠯ᠎ᠤᠨ ᠠᠷᠭ᠎ᠠ᠎ᠪᠠᠨ ᠲᠠᠰᠤᠷᠠᠯᠲᠠ ᠥᠬᠡᠶ ᠱᠢᠨᠡᠴᠢᠯᠡᠵᠦ᠍᠂ ᠰᠤᠷᠤᠭ᠍ᠴᠢᠳ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠦᠨ ᠠᠵᠢᠯ᠎ᠢ ᠰᠠᠢᠲᠤᠷ ᠬᠢᠵᠦ᠍᠂ ᠡᠬᠡ ᠤᠯᠤᠰ᠎ᠢᠶᠠᠨ ᠬᠠᠢᠷᠠᠯᠠᠬᠤ᠂ ᠬᠠᠷᠢᠭᠤᠴᠠᠯᠭ᠎ᠠ ᠡᠭᠦᠷᠭᠡᠯᠡᠬᠦ᠌ ᠱᠢᠨ᠎ᠡ ᠴᠠᠭ ᠦᠶ᠎ᠡ᠎ᠶ᠋ᠢᠨ ᠪᠠᠭᠠᠴᠤᠳ᠎ᠢ ᠬᠥᠮᠦᠵᠢᠭᠦᠯᠦᠨ᠎ᠡ》 ᠭᠡᠪᠡ᠃