ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠱᠢᠨ᠎ᠡ ᠠᠶᠠᠨ ᠳ᠋ᠤ ᠱᠢᠨ᠎ᠡ ᠠᠯᠬᠤᠮ᠎ᠢ ᠠᠯᠬᠤᠬᠤ᠎ᠪᠠᠷ ᠴᠢᠷᠮᠠᠢᠰᠤᠭᠠᠢ
ᠨᠡᠶ᠋ᠢᠲᠡᠯᠡᠭᠰᠡᠨ ᠴᠠᠭ᠄ 2026-02-11

— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠲᠤᠬᠠᠶ ᠭᠤᠷᠪᠠᠨᠲᠠ ᠥᠭᠦᠯᠡᠬᠦ᠌ ᠨᠢ

ᠢᠷᠡᠭᠡᠳᠦᠢ ᠪᠠᠨ ᠡᠷᠴᠢᠮᠳᠠᠢ ᠵᠢᠷᠤᠭᠯᠠᠨ ᠲᠦᠰᠦᠪᠯᠡᠵᠦ᠂ ᠡᠷᠡᠮᠡᠭᠡᠢᠯᠡᠨ ᠲᠡᠮᠡᠴᠡᠵᠤ ᠱᠢᠨ᠎ᠡ ᠠᠶᠠᠨ᠎ᠢᠶᠠᠨ ᠡᠬᠢᠯᠡᠭᠦᠯᠦᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠡᠷ᠎ᠠ ᠥᠪᠥᠷ ᠮᠣᠩᠭᠣᠯ᠎ᠤᠨ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠬᠥᠭ᠌ᠵᠢᠯᠲᠡ᠎ᠳᠦ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠵᠤ᠂ ᠭᠣᠣᠯ ᠱᠢᠪᠲᠤᠯᠤᠯᠲᠠ᠎ᠶ᠋ᠢᠨ ᠴᠢᠭ᠌ᠯᠡᠯ᠎ᠢ ᠲᠣᠳᠣᠷᠬᠠᠢᠯᠠᠵᠤ᠂ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠂ ᠣᠷᠣᠨ ᠳᠠᠶᠠᠭᠠᠷ ᠳᠠᠷᠤᠢᠬᠠᠨ ᠬᠥᠳᠡᠯᠦᠯᠴᠡᠵᠦ᠍᠂ ᠬᠠᠷᠠᠯᠲᠠ᠎ᠪᠠᠨ ᠪᠠᠳᠤ ᠡᠵᠡᠮᠳᠡᠵᠤ᠂ ᠴᠤᠴᠠᠯᠲᠠ ᠦᠭᠡᠢ ᠤᠷᠤᠭ᠍ᠰᠢᠯᠠᠵᠤ᠂ ᠡᠭᠦᠷᠭᠡ᠎ᠪᠡᠨ ᠴᠢᠩᠭ᠎ᠠ ᠠᠩᠬᠠᠷᠴᠤ᠌᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ 《ᠵᠠᠮ᠎ᠤᠨ ᠵᠢᠷᠤᠭ》᠎ᠢ 《ᠪᠠᠷᠢᠯᠭ᠎ᠠ᠎ᠶ᠋ᠢᠨ ᠵᠢᠷᠤᠭ》 ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ 》᠎ᠢ ᠰᠠᠢᠲᠤᠷ ᠡᠬᠢᠯᠡᠭᠦᠯᠵᠤ᠂ ᠠᠨᠭᠬᠠᠨ ᠤ᠋ ᠠᠯᠬᠤᠮ᠎ᠢ ᠰᠠᠢᠳᠤᠷ ᠠᠯᠬᠤᠬᠤ᠎ᠶᠢ ᠦᠨᠡᠨ ᠬᠦ᠌ ᠪᠠᠲᠤᠯᠠᠬᠤ ᠬᠡᠷᠡᠭ᠌ᠲᠡᠢ᠃

ᠪᠦᠬᠦ᠌ ᠬᠦᠴᠦ᠍ ᠎ᠪᠡᠷ ᠎ᠢᠶᠡᠨ ᠨᠠᠢᠳᠠᠪᠤᠷᠢᠵᠢᠭᠤᠯᠤᠯᠲᠠ ᠎ᠶ᠋ᠢ ᠠᠳᠭᠤᠨ ᠬᠥᠭ᠌ᠵᠢᠯᠲᠡ᠎ᠶ᠋ᠢ ᠠᠬᠢᠭᠤᠯᠬᠤ᠎ᠳᠤ 《ᠱᠢᠪᠲᠤᠯᠤᠯᠲᠠ ᠬᠢᠬᠦ》 ᠵᠣᠷᠢᠭ ᠰᠠᠨᠠᠭ᠎ᠠ ᠲᠠᠢ ᠪᠠᠢᠬᠤ ᠬᠡᠷᠡᠭ᠌ᠲᠡᠢ᠃ ᠬᠠᠷᠠᠯᠲᠠ ᠡᠭᠦᠷᠭᠡ ᠲᠣᠭ᠍ᠲᠠᠭ᠍ᠰᠠᠨ᠎ᠤ ᠲᠠᠷᠠᠭ᠎ᠠ᠂ ᠵᠠᠩᠭᠢᠯᠠᠭ᠎ᠠ ᠨᠢ ᠠᠵᠢᠯᠯᠠᠭ᠎ᠠ᠎ᠶ᠋ᠢ ᠦᠵᠡᠵᠦ᠍᠂ ᠪᠣᠳᠠᠲᠠᠢ ᠠᠵᠢᠯᠯᠠᠬᠤ᠎ᠳᠤ ᠲᠦᠱᠢᠭ᠌ᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠬᠢᠭᠰᠡᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢᠨ ᠠᠯᠢ ᠨᠢᠭᠡ ᠵᠦᠢᠯ ᠨᠢ ᠴᠦ᠍ ᠲᠡᠢᠮᠦ᠍ ᠬᠢᠯᠪᠠᠷᠬᠠᠨ ᠪᠡᠶᠡᠯᠡᠭ᠌ᠳᠡᠬᠥ ᠦᠭᠡᠢ ᠶᠤᠮ᠂ ᠡᠷᠬᠡᠪᠰᠢ ᠪᠣᠭᠣᠮᠲᠠ ᠱᠢᠪᠲᠤᠯᠬᠤ ᠵᠣᠷᠢᠭ ᠰᠠᠨᠠᠭ᠎ᠠ᠎ᠪᠠᠷ᠂ ᠵᠣᠷᠢᠬᠰᠡᠨ᠎ᠳᠠᠭᠠᠨ ᠵᠠᠪᠠᠯ ᠬᠦᠷᠬᠦ ᠪᠡᠷ ᠬᠥᠴᠥᠯᠡᠬᠥ ᠬᠡᠷᠡᠭ᠌ᠲᠡᠢ᠃ ᠡᠷᠡᠮᠡᠭᠡᠢᠯᠡᠨ ᠤᠷᠤᠭᠰᠢᠯᠠᠵᠤ ᠪᠠᠳᠤᠳᠠᠢ ᠦᠢᠯᠡᠳᠤᠯᠭᠡᠵᠢᠬᠦᠯᠬᠦ ᠡᠷᠴᠢ ᠵᠣᠷᠢᠭ᠎ᠢᠶᠠᠨ ᠬᠥᠪᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠪᠦᠬᠦ᠌ ᠲᠠᠯ᠎ᠠ᠎ᠪᠠᠷ ᠬᠦᠴᠦᠯᠡᠵᠦ᠍᠂ ᠠᠵᠤ ᠦᠢᠯᠡᠰ᠎ᠢ ᠲᠡᠰ ᠳᠡᠪᠱᠢᠭᠦᠯᠬᠦ᠌ 《ᠰᠠᠨᠠᠭᠠᠴᠢᠯᠠᠭᠠᠲᠤ ᠳᠠᠢᠯᠠᠯᠳᠤᠭᠠᠨ》᠎ᠢ ᠰᠠᠢᠲᠤᠷ ᠬᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠤᠷᠢᠳᠠᠴᠢ ᠱᠢᠳᠠᠷ᠎ᠠ》᠎ᠶᠢ ᠰᠠᠢᠲᠤᠷ ᠲᠠᠯᠪᠢᠵᠤ᠂ ᠪᠣᠬᠢᠷᠲᠤᠯ ᠦᠭᠡᠢ ᠲᠡᠢᠰᠢ ᠬᠡᠯᠪᠡᠷᠢ ᠎ᠪᠡᠨ ᠬᠤᠪᠢᠷᠠᠭᠤᠯᠬᠤ 《ᠱᠢᠨ᠎ᠡ ᠳᠠᠪᠠᠭᠤᠯᠢᠭ》᠎ᠢ ᠪᠤᠢ ᠪᠣᠯᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ ᠬᠡᠷᠡᠭ᠌ᠲᠡᠢ᠃ ᠪᠣᠳᠠᠲᠤ ᠪᠠᠢᠳᠠᠯ᠎ᠳᠤ ᠰᠠᠭᠤᠷᠢᠯᠠᠨ᠂ ᠵᠢᠮ᠎ᠡ ᠶᠣᠰᠣ᠎ᠶ᠋ᠢ ᠡᠵᠡᠮᠳᠡᠵᠦ᠍᠂ ᠵᠣᠷᠢᠭ᠍ᠲᠠᠢ ᠰᠢᠪᠳᠤᠯᠤᠯᠳᠠ ᠬᠢᠵᠤ᠂ ᠵᠣᠷᠢᠭ᠍ᠲᠠᠢ ᠲᠤᠷᠱᠢᠵᠤ᠂ ᠵᠣᠷᠢᠭ᠍ᠲᠠᠢ ᠬᠢᠵᠦ᠍᠂ ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠥᠷᠭᠡ ᠲᠠᠯᠪᠢᠬᠤ ᠵᠣᠷᠢᠭ ᠰᠦᠰᠦ᠎ᠶᠢ ᠬᠥᠭ᠌ᠵᠢᠭᠡᠵᠦ᠍᠂ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠭᠠᠪᠱᠢᠭᠠᠢᠯᠠᠭ᠍ᠴᠢ ᠪᠣᠯᠬᠤ᠎ᠪᠠᠷ ᠴᠢᠷᠮᠠᠢᠪᠠᠯ ᠱᠢᠨ᠎ᠡ ᠠᠶᠠᠨ᠎ᠳᠠᠭᠠᠨ ᠱᠢᠨ᠎ᠡ ᠠᠯᠬᠤᠮ᠎ᠢ ᠠᠯᠬᠤᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍ ᠴᠢᠳᠠᠬᠤ ᠨᠢ ᠯᠠᠪᠳᠠᠢ ᠶᠤᠮ᠃

ᠪᠦᠬᠦ᠌ ᠬᠦᠴᠦ᠍᠎ᠪᠡᠷ᠎ᠢᠶᠡᠨ ᠨᠠᠢᠳᠠᠪᠤᠷᠢᠵᠢᠭᠤᠯᠤᠯᠲᠠ᠎ᠶ᠋ᠢ ᠠᠳᠭᠤᠨ ᠬᠥᠭ᠌ᠵᠢᠯᠲᠡ᠎ᠶ᠋ᠢ ᠠᠬᠢᠭᠤᠯᠬᠤ᠎ᠳᠤ 《ᠡᠭᠦᠳᠦᠨ ᠪᠦᠲᠦᠭᠡᠬᠦ᠌》 ᠡᠷᠴᠢ ᠵᠣᠷᠢᠭ᠎ᠲᠠᠶ ᠪᠠᠢᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠬᠥᠭ᠌ᠵᠢᠯᠲᠡ᠎ᠶ᠋ᠢᠨ ᠱᠢᠨ᠎ᠡ ᠠᠶᠠᠨ᠎ᠳᠤ ᠮᠣᠷᠳᠠᠵᠤ᠂ ᠠᠵᠤ ᠦᠢᠯᠡᠰ᠎ᠦᠨ ᠲᠡᠰ ᠲᠡᠪᠱᠢᠯᠳᠡ᠎ᠶ᠋ᠢᠨ 《ᠱᠢᠨ᠎ᠡ》 ᠬᠡᠮᠵᠢᠶ᠎ᠡ ᠭᠦᠢᠴᠡᠳ ᠡᠰᠡᠬᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》᠎ᠦᠨ ᠬᠡᠮᠵᠢᠶ᠎ᠡ ᠥᠨᠳᠥᠷ ᠪᠠᠢᠬᠤ ᠡᠰᠡᠬᠦ᠌᠂ ᠠᠵᠤ ᠠᠬᠤᠢ᠎ᠶ᠋ᠢᠨ ᠨᠡᠮᠡᠭ᠌ᠳᠡᠯ᠎ᠦᠨ 《ᠦᠷ᠎ᠠ ᠠᠰᠢᠭ》 ᠤ᠋ᠨ ᠬᠡᠮᠵᠢᠶ᠎ᠠ ᠪᠣᠳᠠᠲᠠᠢ ᠪᠠᠢᠬᠤ ᠡᠰᠡᠬᠦ᠌᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ 《ᠪᠤᠬᠢᠷᠳᠤᠯ ᠦᠭᠡᠢ》 ᠬᠡᠮᠵᠢᠶ᠎ᠡ ᠭᠦᠢᠴᠡᠳ ᠪᠠᠢᠬᠤ ᠡᠰᠡᠬᠦ ᠁ ᠡᠳᠡᠭᠡᠷ ᠱᠢᠨ᠎ᠡ ᠰᠡᠳᠦᠪ ᠨᠢ ᠴᠥᠮ ᠪᠢᠳᠡᠨ᠎ᠦ 《ᠡᠭᠦᠳᠦᠨ ᠪᠦᠲᠦᠭᠡᠬᠦ》 ᠡᠷᠴᠢ ᠵᠣᠷᠢᠭ᠎ᠢᠶᠠᠷ᠂ ᠱᠢᠨ᠎ᠡ ᠰᠡᠳᠭᠢᠴᠡ᠎ᠪᠡᠷ ᠬᠦᠴᠢᠷᠳᠡᠯ ᠪᠠ ᠲᠦᠭ᠌ᠵᠢᠷᠡᠯ ᠴᠡᠭ᠎ᠢ ᠱᠢᠢᠳᠪᠦᠷᠢᠯᠡᠵᠦ᠍᠂ ᠱᠢᠨ᠎ᠡ ᠠᠷᠭ᠎ᠠ ᠬᠡᠮᠵᠢᠶ᠎ᠡ᠎ᠪᠡᠷ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌᠎ᠶ᠋ᠢ ᠱᠠᠭᠠᠷᠳᠠᠵᠤ ᠪᠠᠢᠨ᠎ᠠ᠃ ᠰᠡᠳᠭᠢᠬᠦᠢ᠎ᠶ᠋ᠢᠨ ᠬᠠᠨᠳᠤᠰᠢ ᠪᠣᠯᠤᠨ ᠶᠠᠪᠤᠴᠠ ᠲᠦᠰᠢᠭᠯᠡᠬᠦ᠎ᠶᠢ ᠡᠪᠳᠡᠵᠦ᠍᠂ ᠥᠭᠡᠷᠡᠴᠢᠯᠡᠯᠲᠡ᠎ᠶ᠋ᠢᠨ ᠤᠬᠠᠮᠰᠠᠷ ᠪᠣᠯᠤᠨ ᠪᠣᠭᠣᠮᠲᠠ ᠱᠢᠪᠲᠤᠯᠬᠤ ᠵᠣᠷᠢᠭ᠎ᠢᠶᠠᠨ ᠴᠢᠨᠭᠭᠠᠯᠠᠵᠦ᠂ ᠬᠢᠳᠤᠭᠠᠨ ᠢᠷ᠎ᠢᠶᠡᠨ ᠳᠣᠲᠣᠭ᠍ᠰᠢ ᠬᠠᠨᠳᠤᠭᠤᠯᠵᠤ᠂ ᠥᠪᠡᠷ ᠪᠡᠶ᠎ᠡ᠎ᠶᠢᠨ ᠬᠤᠪᠢᠰᠭᠠᠯ ᠬᠢᠬᠦ᠌ ᠰᠥᠰᠥ᠍ ᠵᠣᠷᠢᠭ᠎ᠢᠶᠠᠨ ᠬᠥᠪᠴᠢᠯᠡᠵᠦ᠍᠂ 《ᠡᠭᠦᠳᠦᠨ ᠪᠦᠲᠦᠭᠡᠬᠦ》᠎ᠶᠢ ᠲᠡᠷᠢᠭᠦᠨ᠎ᠳᠦ ᠲᠠᠯᠪᠢᠵᠤ᠂ ᠬᠦᠴᠢᠷ᠎ᠢ ᠰᠦᠷᠦᠨ ᠤᠷᠤᠭ᠍ᠰᠢᠯᠠᠬᠤ ᠡᠷᠴᠢ ᠵᠣᠷᠢᠭ᠎ᠢ ᠬᠥᠭ᠌ᠵᠢᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠵᠤ᠂ ᠴᠠᠭ ᠦᠶ᠎ᠡ᠎ᠶ᠋ᠢᠨ ᠪᠠᠢᠳᠠᠯ᠎ᠳᠠᠭᠠᠨ ᠲᠤᠬᠢᠷᠠᠭᠤᠯᠵᠤ᠂ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠪᠡᠯ ᠮᠠᠨ᠎ᠤ ᠬᠥᠭ᠌ᠵᠢᠯᠲᠡ ᠰᠠᠶᠢ ᠳᠠᠭᠤᠰᠤᠰᠢ ᠦᠭᠡᠢ ᠬᠥᠳᠡᠯᠭᠡᠬᠦ᠌ ᠬᠦᠴᠦᠨ᠎ᠲᠡᠶ ᠪᠤᠯᠵᠤ ᠴᠢᠳᠠᠨ᠎ᠠ᠃

ᠪᠦᠬᠦ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠤᠯᠲᠠ ᠎ᠶ᠋ᠢ ᠠᠳᠭᠤᠨ ᠬᠥᠭ᠌ᠵᠢᠯᠲᠡ᠎ᠶ᠋ᠢ ᠠᠬᠢᠭᠤᠯᠬᠤ᠎ᠳᠤ 《ᠪᠤᠳᠠᠳᠠᠢ ᠠᠵᠢᠯᠯᠠᠬᠤ》 ᠰᠤᠷᠲᠠᠯ᠎ᠢ ᠪᠠᠳᠠᠷᠠᠭᠤᠯᠬᠤ ᠬᠡᠷᠡᠭ᠌ᠲᠡᠢ᠃ ᠰᠡᠢ᠌ᠠ ᠰᠤᠷᠲᠠᠯ ᠪᠣᠯ ᠲᠡᠢ᠌ᠴᠢᠠ ᠬᠦᠴᠦᠨ᠂ ᠦᠢᠯᠡᠳᠪᠦᠷᠢᠯᠡᠯ᠎ᠦᠨ ᠬᠦᠴᠦᠨ ᠮᠥᠨ᠃ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠤᠳᠤᠷᠢᠳᠤᠮᠵᠢ᠎ᠶ᠋ᠢ ᠢᠯᠡ ᠲᠣᠳᠣ ᠪᠤᠢ ᠪᠣᠯᠭᠠᠵᠤ᠂ ᠣᠷᠣᠨ ᠳᠠᠶᠠᠭᠠᠷ᠎ᠲᠤ ᠬᠡᠬᠦᠳᠡᠭ ᠳᠦᠭᠦᠷᠡᠩ ᠡᠭᠦᠷᠭᠡᠯᠡᠯ᠎ᠲᠡᠶ᠂ ᠡᠷᠡᠮᠡᠬᠡᠢᠯᠡᠨ ᠲᠡᠮᠡᠴᠡᠬᠦ᠌ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠵᠣᠷᠢᠭ᠍ᠵᠢᠭᠤᠯᠵᠤ᠂ ᠠᠵᠢᠯ ᠬᠢᠵᠦ᠍ ᠦᠢᠯᠡᠰ ᠪᠤᠰᠭᠠᠬᠤ᠎ᠶ᠋ᠢ ᠠᠬᠢᠭᠤᠯᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠬᠤ᠂ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠵᠢᠮ᠎ᠡ ᠶᠣᠰᠣ᠎ᠶ᠋ᠢ ᠦᠨᠳᠦᠰᠦᠯᠡᠨ ᠠᠵᠢᠯᠯᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠶᠠᠪᠤᠳᠠᠯ᠎ᠢ ᠢᠯᠡᠭᠦᠬᠡᠨ ᠬᠢᠵᠦ᠍᠂ ᠠᠯᠤᠰ ᠢᠷᠡᠭᠡᠳᠦᠢ᠎ᠳᠦ ᠠᠱᠢᠭ᠍ᠲᠠᠢ ᠰᠠᠭᠤᠷᠢ ᠲᠠᠯᠪᠢᠬᠤ ᠠᠵᠢᠯ᠎ᠢ ᠢᠯᠡᠭᠦᠬᠡᠨ ᠬᠢᠬᠦ᠌ ᠬᠡᠷᠡᠭ᠌ᠲᠡᠢ᠃ ᠰᠤᠷᠤᠯᠴᠠᠯᠭ᠎ᠠ᠎ᠶ᠋ᠢ ᠶᠡᠬᠡ᠎ᠪᠡᠷ ᠡᠷᠬᠢᠮᠯᠡᠵᠦ᠍᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠵᠤ᠂ ᠪᠣᠳᠠᠲᠤ ᠠᠮᠵᠢᠯᠲᠠ᠎ᠶ᠋ᠢ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠬᠤᠯᠠᠴᠢᠯᠠᠵᠤ᠂ ᠤᠬᠠᠮᠰᠠᠷ᠎ᠡᠴᠡ᠎ᠪᠠᠨ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ ᠎ᠶ᠋ᠢ ᠰᠠᠬᠢᠬᠤ ᠳᠤᠮᠳᠠ ᠠᠵᠢᠯ ᠬᠢᠵᠦ᠍ ᠦᠢᠯᠡᠰ ᠪᠤᠰᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠬᠦᠲᠦᠯᠦᠨ ᠳᠠᠭᠠᠭᠤᠯᠵᠤ ᠰᠠᠢ᠌ᠨ ᠰᠠᠢᠬᠠᠨ ᠬᠥᠭ᠌ᠵᠢᠯᠲᠡ᠎ᠶ᠋ᠢᠨ ᠣᠷᠴᠢᠨ ᠨᠦᠭᠦᠴᠡᠯ᠎ᠢ ᠪᠦᠷᠢᠯᠳᠦᠭᠦᠯᠬᠦ᠌ ᠬᠡᠷᠡᠭ᠌ᠲᠡᠢ᠃

ᠥᠨᠳᠥᠷ᠎ᠲᠦ ᠵᠤᠭᠰᠤᠵᠤ ᠠᠯᠤᠰ᠎ᠢ ᠪᠠᠷᠠᠯᠠᠪᠠᠯ ᠠᠭᠤᠯᠠ ᠵᠢᠨ ᠥᠨᠳᠥᠷ ᠤᠰᠤᠨ᠎ᠤ ᠤᠷᠲᠤ᠎ᠵᠢ ᠤᠯᠵᠤ ᠬᠠᠷᠠᠨ᠎ᠠ; ᠵᠣᠷᠢᠭ ᠱᠢᠭᠤᠳᠴᠤ ᠯᠠᠪᠳᠠᠭᠤᠨ ᠪᠠᠳᠤᠳᠠᠢ ᠵᠠᠮᠨᠠᠪᠠᠯ ᠢᠷᠡᠭᠡᠳᠦᠶ ᠬᠢᠵᠠᠭᠠᠷ ᠦᠭᠡᠢ ᠪᠤᠯᠤᠮᠵᠢ ᠲᠠᠢ ᠭᠡᠳᠡᠭ᠎ᠢ ᠮᠡᠳᠡᠵᠦ ᠪᠤᠯᠤᠨ᠎ᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠃ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ᠂ ᠣᠷᠣᠨ ᠳᠠᠶᠠᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠷᠠᠯᠲᠠ᠎ᠪᠠᠨ ᠲᠣᠭ᠍ᠲᠠᠭᠠᠨ ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ᠂ ᠴᠡᠭᠡᠵᠢ ᠳᠦᠷᠢᠨ ᠪᠦᠬᠦ᠌ ᠬᠦᠴᠦ᠍᠎ᠪᠡᠷ᠎ᠢᠶᠡᠨ ᠲᠡᠮᠡᠴᠡᠵᠦ᠍᠂ ᠴᠤᠴᠠᠯᠲᠠ ᠦᠭᠡᠢ ᠤᠷᠤᠭ᠍ᠰᠢᠯᠠᠵᠤ᠂ ᠤᠶᠤᠨ ᠤᠬᠠᠭᠠᠨ ᠪᠣᠯᠤᠨ ᠬᠦᠴᠦ᠍ ᠬᠥᠯᠥᠰᠥ᠎ᠪᠡᠷ᠎ᠢᠶᠡᠨ ᠥᠪᠥᠷ ᠮᠣᠩᠭᠣᠯ᠎ᠤᠨ ᠨᠡᠩ ᠰᠠᠢ᠌ᠨ ᠰᠠᠢᠬᠠᠨ ᠮᠠᠷᠭᠠᠰᠢ᠎ᠶ᠋ᠢ ᠲᠡᠮᠡᠴᠡᠨ ᠤᠯᠬᠤ ᠬᠡᠷᠡᠭ᠌ᠲᠡᠢ᠃

ᠢᠷᠡᠯᠲᠡ᠄    
Baidu
map