
ᠰᠤᠷᠪᠤᠯᠵᠢᠯᠠᠭᠴᠢ ᠸᠠᠩ ᠰᠢᠶᠣᠣ ᠪᠦᠸᠸ ᠰᠡᠭᠦᠳᠡᠷᠯᠡᠪᠡ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠶᠡᠬᠡ ᠳᠡᠭᠡᠳᠦ ᠰᠤᠷᠭᠠᠭᠤᠯᠢ᠎ᠶᠢᠨ ᠠᠭᠤᠯᠤᠭᠳᠠᠬᠤᠨ᠎ᠤ ᠮᠠᠶᠢᠭ᠋᠎ᠤᠨ ᠬᠥᠭᠵᠢᠯᠲᠡ᠎ᠶᠢ ᠲᠥᠷᠥᠯ ᠬᠤᠪᠢᠶᠠᠨ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 〈ᠬᠣᠣᠰ ᠲᠡᠷᠢᠭᠦᠨ〉᠎ᠦ ᠪᠠᠢᠭᠤᠯᠤᠯᠲᠠ ᠪᠠ ᠶᠠᠮᠤᠨ ᠣᠷᠣᠨ᠎ᠤ ᠬᠠᠮᠲᠤᠷᠠᠨ ᠪᠠᠢᠭᠤᠯᠬᠤ᠎ᠶᠢ ᠲᠦᠷᠭᠡᠳᠬᠡᠨ᠎ᠡ ᠭᠡᠵᠦ ᠳᠤᠷᠠᠳᠤᠨ ᠭᠠᠷᠭᠠᠪᠠ᠃ ᠡᠨᠡ ᠨᠢ ᠰᠤᠷᠭᠠᠭᠤᠯᠢ᠎ᠶᠢᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭᠠᠭᠤᠯᠢ᠎ᠶᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠳᠤ ᠰᠢᠨ᠎ᠡ ᠬᠦᠰᠡᠯ᠂ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ 〈ᠠᠷᠪᠠᠨ ᠲᠠᠪᠤᠳᠤᠭᠠᠷ ᠲᠠᠪᠤᠨ ᠵᠢᠯ〉᠎ᠦᠨ ᠬᠤᠭᠤᠴᠠᠭᠠᠨ᠎ᠳᠤ᠂ ᠰᠤᠷᠭᠠᠭᠤᠯᠢ᠎ᠶᠢᠨ ᠬᠢᠨ ᠢᠯᠡ ᠲᠣᠳᠣ᠌ ᠣᠨᠴᠠᠯᠢᠭ᠋ ᠪᠦᠬᠦᠢ ᠲᠡᠷᠢᠭᠦᠨ᠎ᠦ ᠶᠡᠬᠡ ᠰᠤᠷᠭᠠᠭᠤᠯᠢ᠎ᠶᠢ ᠬᠦᠴᠦᠯᠡᠨ ᠡᠷᠬᠢᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠴᠧᠩ ᠲᠣᠣ ᠰᠤᠷᠪᠤᠯᠵᠢᠯᠠᠭ᠎ᠠ ᠬᠦᠯᠢᠶᠡᠬᠦ᠎ᠳᠡᠭᠡᠨ ᠶᠠᠷᠢᠯ᠎ᠠ᠃
ᠴᠧᠩ ᠲᠣᠣ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠢᠯᠡ ᠲᠣᠳᠣ᠌ ᠣᠨᠴᠠᠯᠢᠭ᠋ ᠪᠦᠬᠦᠢ ᠲᠡᠷᠢᠭᠦᠨ᠎ᠦ ᠶᠡᠬᠡ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠬᠠᠷᠠᠯᠲᠠ᠎ᠶᠢ ᠪᠠᠲᠤ ᠡᠵᠡᠮᠳᠡᠵᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠣᠷᠣᠨ᠎ᠳᠤ ᠦᠨᠳᠦᠰᠦᠯᠡᠭᠰᠡᠨ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠭᠰᠡᠨ᠂ ᠳᠡᠯᠡᠬᠡᠢ᠎ᠳᠦ ᠨᠥᠯᠥᠭᠡᠯᠡᠬᠦ ᠬᠦᠴᠦᠨ ᠲᠡᠢ᠂ ᠣᠨᠴᠠᠯᠢᠭ᠋᠎ᠢᠶᠠᠷ ᠢᠯᠡ ᠲᠣᠳᠣ᠌ ᠰᠤᠳᠤᠯᠭᠠᠨ᠎ᠤ ᠬᠡᠯᠪᠡᠷᠢ᠎ᠶᠢᠨ ᠶᠡᠷᠦᠩᠬᠡᠢᠯᠡᠭᠰᠡᠨ ᠶᠡᠬᠡ ᠰᠤᠷᠭᠠᠭᠤᠯᠢ᠎ᠶᠢ ᠪᠦᠲᠦᠭᠡᠨ ᠪᠠᠢᠭᠤᠯᠤᠨ᠎ᠠ; ᠠᠮᠢᠳᠤ ᠪᠣᠳᠠᠰ᠎ᠤᠨ ᠤᠬᠠᠭᠠᠨ᠎ᠤ ᠤᠯᠤᠰ᠎ᠤᠨ ᠲᠡᠷᠢᠭᠦᠨ᠎ᠦ ᠰᠢᠨᠵᠢᠯᠡᠭᠡᠨ᠎ᠦ ᠰᠠᠯᠠᠭ᠎ᠠ᠎ᠶᠢ ᠬᠦᠴᠦᠷᠬᠡᠭᠵᠢᠭᠦᠯᠵᠦ᠂ ᠪᠠᠢᠭᠠᠯᠢ᠎ᠶᠢᠨ ᠰᠢᠨᠵᠢᠯᠡᠬᠦ ᠤᠬᠠᠭᠠᠨ ᠪᠠ ᠰᠣᠶᠣᠯ ᠢᠷᠭᠡᠨᠰᠢᠯ ᠨᠡᠢᠭᠡᠮ᠎ᠦᠨ ᠰᠢᠨᠵᠢᠯᠡᠬᠦ ᠤᠬᠠᠭᠠᠨ᠎ᠢ ᠰᠢᠯᠢᠳᠡᠭᠵᠢᠭᠦᠯᠵᠦ᠂ ᠪᠠᠢᠭᠠᠯᠢ᠎ᠶᠢᠨ ᠰᠢᠨᠵᠢᠯᠡᠬᠦ ᠤᠬᠠᠭᠠᠨ᠂ ᠨᠡᠢᠭᠡᠮ᠎ᠦᠨ ᠰᠢᠨᠵᠢᠯᠡᠬᠦ ᠤᠬᠠᠭᠠᠨ᠎ᠢᠶᠠᠷ ᠣᠷᠭᠢᠯ ᠪᠣᠯᠭᠠᠵᠤ᠂ ᠲᠧᠭᠨᠢᠭ᠎ᠦᠨ ᠤᠬᠠᠭᠠᠨ᠂ ᠲᠠᠷᠢᠶᠠᠯᠠᠩ᠎ᠤᠨ ᠤᠬᠠᠭᠠᠨ᠂ ᠠᠨᠠᠭᠠᠬᠤ ᠤᠬᠠᠭᠠᠨ ᠵᠡᠷᠭᠡ᠎ᠪᠡᠷ ᠥᠨᠳᠥᠷᠯᠢᠭ ᠪᠣᠯᠭᠠᠭᠰᠠᠨ ᠰᠢᠨᠵᠢᠯᠡᠭᠡᠨ᠎ᠦ ᠰᠠᠯᠠᠭ᠎ᠠ᠎ᠶᠢᠨ ᠰᠢᠰᠲ᠋ᠧᠮ᠎ᠢ ᠪᠦᠷᠢᠯᠳᠦᠭᠦᠯᠦᠨ᠎ᠡ; ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠂ ᠪᠠᠭᠰᠢ᠎ᠶᠢᠨ ᠬᠦᠴᠦᠨ᠎ᠢ ᠤᠷᠢᠵᠤ ᠣᠷᠣᠭᠤᠯᠬᠤ ᠪᠠ ᠬᠥᠭᠵᠢᠭᠦᠯᠬᠦ᠂ ᠵᠠᠰᠠᠯᠲᠠ᠎ᠶᠢᠨ ᠦᠷ᠎ᠡ ᠪᠦᠲᠦᠮᠵᠢ ᠵᠡᠷᠭᠡ ᠲᠠᠯ᠎ᠠ᠎ᠪᠠᠷ᠂ ᠶᠠᠮᠤᠨ ᠮᠤᠵᠢ᠎ᠶᠢᠨ ᠬᠠᠮᠲᠤᠷᠠᠨ ᠪᠠᠢᠭᠤᠯᠤᠭᠰᠠᠨ ᠡᠮᠦᠨ᠎ᠡ ᠡᠩᠨᠡᠭᠡᠨ᠎ᠦ ᠳᠡᠭᠡᠳᠦ ᠰᠤᠷᠭᠠᠭᠤᠯᠢ᠎ᠪᠠᠷ ᠪᠠᠷᠢᠮᠵᠢᠶ᠎ᠠ ᠪᠣᠯᠭᠠᠵᠤ ᠵᠥᠷᠢᠶ᠎ᠡ᠎ᠪᠡᠨ ᠡᠷᠢᠵᠦ᠂ ᠣᠷᠣᠨ ᠪᠠᠢᠷᠢ᠎ᠶᠢ ᠨᠢ ᠰᠣᠯᠢᠵᠤ ᠥᠷᠢᠰᠦᠯᠳᠦᠭᠦᠯᠬᠦ᠂ ᠰᠢᠨᠵᠢᠯᠡᠭᠡᠨ᠎ᠦ ᠰᠠᠯᠠᠭ᠎ᠠ᠎ᠶᠢᠨ ᠪᠦᠬᠦᠯᠢ ᠴᠣᠭᠴᠠ᠎ᠶᠢᠨ ᠪᠣᠳᠠᠲᠤ ᠬᠦᠴᠦᠨ᠎ᠦ ᠳᠡᠭᠡᠭᠰᠢᠯᠡᠯᠲᠡ᠎ᠶᠢ ᠲᠦᠯᠬᠢᠨ ᠠᠬᠢᠭᠤᠯᠬᠤ᠂ ᠳᠡᠭᠡᠳᠦ ᠳᠡᠰ ᠳᠠᠪᠬᠤᠷᠭ᠎ᠠ᠎ᠶᠢᠨ ᠴᠢᠳᠠᠪᠤᠷᠢᠲᠠᠨ᠎ᠤ ᠪᠦᠯᠬᠦᠮ ᠨᠡᠢᠲᠡ᠎ᠶᠢ ᠤᠷᠢᠵᠤ ᠣᠷᠣᠭᠤᠯᠬᠤ ᠪᠠ ᠪᠣᠢᠵᠢᠭᠤᠯᠬᠤ᠂ ᠥᠨᠳᠥᠷ ᠲᠦᠪᠰᠢᠨ ᠪᠦᠬᠦᠢ ᠦᠷ᠎ᠡ ᠪᠦᠲᠦᠭᠡᠯ ᠭᠠᠷᠭᠠᠬᠤ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ; ᠨᠡᠭᠡᠭᠡᠯᠲᠡ ᠲᠡᠢ ᠰᠤᠷᠭᠠᠭᠤᠯᠢ ᠡᠷᠬᠢᠯᠡᠬᠦ ᠪᠠᠢᠷᠢᠰᠢᠯ᠎ᠢ ᠰᠢᠯᠢᠳᠡᠭᠵᠢᠭᠦᠯᠦᠨ ᠪᠠᠢᠭᠤᠯᠵᠤ᠂ ᠰᠤᠷᠭᠠᠭᠤᠯᠢ᠎ᠶᠢᠨ ᠳᠣᠲᠣᠭᠠᠳᠤ᠎ᠶᠢᠨ ᠨᠡᠭᠡᠭᠡᠯᠲᠡ᠎ᠶᠢ ᠭᠦᠨᠵᠡᠭᠡᠢᠷᠡᠭᠦᠯᠵᠦ᠂ ᠤᠯᠤᠰ᠎ᠤᠨ ᠳᠣᠲᠣᠭᠠᠳᠤ᠎ᠶᠢᠨ ᠬᠠᠮᠲᠤᠷᠠᠯᠴᠠᠭ᠎ᠠ᠎ᠶᠢ ᠪᠡᠬᠢᠵᠢᠭᠦᠯᠦᠨ᠂ ᠣᠯᠠᠨ ᠤᠯᠤᠰ᠎ᠤᠨ ᠬᠠᠮᠲᠤᠷᠠᠯᠴᠠᠭ᠎ᠠ᠎ᠶᠢ ᠥᠷᠭᠡᠳᠬᠡᠵᠦ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠲᠡᠢ ᠬᠥᠲᠥᠯᠥᠨ ᠳᠠᠭᠠᠭᠤᠯᠬᠤ ᠴᠢᠨᠠᠷᠲᠠᠢ ᠪᠡᠯᠭᠡ ᠲᠡᠮᠳᠡᠭ᠎ᠦᠨ ᠴᠢᠨᠠᠷᠲᠠᠢ ᠡᠷᠳᠡᠮ ᠰᠢᠨᠵᠢᠯᠡᠭᠡᠨ᠎ᠦ ᠲᠥᠷᠥᠯ ᠲᠡᠮᠳᠡᠭ᠎ᠢ ᠴᠣᠭᠴᠠᠯᠠᠨ᠎ᠠ ᠭᠡᠵᠦ ᠢᠯᠡᠳᠬᠡᠪᠡ᠃
《ᠰᠤᠷᠭᠠᠭᠤᠯᠢ᠎ᠶᠢᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠢᠯᠡᠴᠢᠯᠡᠬᠦ᠎ᠪᠡᠷ ᠡᠭᠦᠷᠭᠡ᠎ᠪᠡᠨ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 〈1571〉 ᠠᠵᠢᠯ᠎ᠤᠨ ᠪᠠᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠥᠪᠡᠷᠮᠢᠴᠡ ᠣᠨᠴᠠᠯᠢᠭ᠋ ᠲᠠᠢ᠂ ᠥᠷᠢᠰᠦᠯᠳᠦᠬᠦ ᠬᠦᠴᠦᠨ ᠲᠡᠢ᠂ ᠬᠠᠷᠢᠴᠠᠩᠭᠤᠢ ᠳᠠᠪᠠᠭᠤᠯᠢᠭ᠋ ᠪᠦᠬᠦᠢ ᠨᠢᠭᠡ ᠴᠣᠭᠴᠠᠵᠢᠭᠰᠠᠨ ᠬᠥᠭᠵᠢᠯᠲᠡ᠎ᠶᠢᠨ ᠰᠢᠰᠲ᠋ᠧᠮ᠎ᠢ ᠪᠠᠢᠭᠤᠯᠵᠤ᠂ ᠰᠤᠷᠭᠠᠭᠤᠯᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠡᠭᠦᠳᠦᠨ᠂ ᠰᠤᠷᠭᠠᠨ ᠬᠥᠮᠥᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠂ ᠰᠤᠷᠭᠠᠨ ᠬᠥᠮᠥᠵᠢᠯ᠎ᠢᠶᠡᠷ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠴᠧᠩ ᠲᠣᠣ ᠬᠡᠯᠡᠪᠡ᠃