ᠳᠤᠮᠳᠠᠳᠤ᠎ᠶᠢᠨ ᠦᠨᠳᠦᠰᠦᠲᠡᠨ ᠬᠡᠳᠦᠨ ᠮᠢᠩᠭᠠᠨ ᠵᠢᠯ᠎ᠦᠨ ᠬᠥᠭᠵᠢᠯᠲᠡ᠎ᠶᠢ ᠥᠩᠭᠡᠷᠡᠭᠡᠭᠡᠳ᠂ ᠤᠯᠠᠨ ᠡᠰᠢᠲᠦ ᠨᠢᠭᠡ ᠴᠣᠭᠴᠠᠵᠢᠭ᠍ᠰᠠᠨ ᠦᠨᠳᠦᠰᠦᠲᠡᠨ᠎ᠦ ᠪᠣᠳᠠᠲᠤ ᠴᠣᠭᠴᠠ᠎ᠶᠢ ᠪᠦᠷᠢᠯᠳᠦᠭᠦᠯᠪᠡ᠂ ᠲᠡᠷᠡ ᠨᠢ ᠬᠣᠭᠣᠷᠣ᠌ ᠬᠣᠭᠣᠷᠣᠨᠳᠤ᠎ᠪᠠᠨ ᠬᠠᠷᠢᠴᠠᠭ᠎ᠠ ᠲᠠᠢ᠂ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠰᠠᠯᠵᠤ ᠪᠣᠯᠣᠰᠢ ᠦᠭᠡᠢ ᠣᠷᠭᠠᠨᠢᠭ᠋ ᠪᠦᠬᠦᠯᠢ ᠴᠣᠭᠴᠠ ᠮᠥᠨ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠤᠯᠤᠰ᠎ᠤᠨ ᠲᠠᠨᠢᠯᠲᠠ᠂ ᠦᠨᠳᠦᠰᠦᠲᠡᠨ᠎ᠦ ᠠᠭᠤᠰᠤᠯᠴᠠᠯ᠎ᠤᠨ ᠰᠡᠳᠬᠢᠯᠭᠡ᠎ᠶᠢᠨ ᠬᠣᠯᠪᠣᠭᠠᠰᠤ ᠮᠥᠨ᠂ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭᠠᠨ᠎ᠤ ᠰᠠᠭᠤᠷᠢ ᠮᠥᠨ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ ᠪᠠᠯᠠᠷᠠᠰᠢ ᠦᠭᠡᠢ᠂ ᠦᠷᠭᠦᠯᠵᠢᠯᠡᠨ ᠬᠥᠭᠵᠢᠬᠦ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠨᠦᠭᠦᠳ᠎ᠦᠨ ᠦᠨᠳᠦᠰᠦᠨ ᠠᠰᠢᠭ᠋ ᠲᠤᠰᠠ᠎ᠶᠢ ᠬᠠᠮᠠᠭᠠᠯᠠᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠤᠯᠤᠰ᠎ᠤᠨ ᠨᠢᠭᠡᠳᠦᠯ ᠪᠣᠯ ᠤᠯᠤᠰ᠎ᠤᠨ ᠬᠠᠮᠤᠭ᠎ᠤᠨ ᠳᠡᠭᠡᠳᠦ ᠠᠰᠢᠭ᠋ ᠲᠤᠰᠠ ᠮᠥᠨ ᠪᠥᠭᠡᠳ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ ᠮᠥᠨ᠃ ᠦᠨᠳᠦᠰᠦᠲᠡᠨ᠎ᠨᠦᠭᠦᠳ ᠭᠠᠭᠴᠠ ᠬᠦ᠌ ᠥᠪᠡᠷ᠎ᠦᠨ ᠬᠤᠪᠢ ᠵᠠᠶᠠᠭ᠎ᠠ᠎ᠪᠠᠨ ᠤᠯᠤᠰ᠎ᠤᠨ ᠬᠤᠪᠢ ᠵᠠᠶᠠᠭ᠎ᠠ᠂ ᠳᠤᠮᠳᠠᠳᠤ᠎ᠶᠢᠨ ᠦᠨᠳᠦᠰᠦᠲᠡᠨ᠎ᠦ ᠬᠤᠪᠢ ᠵᠠᠶᠠᠭ᠎ᠠ ᠯᠤᠭ᠎ᠠ ᠨᠢᠭ᠍ᠲᠠ ᠬᠣᠯᠪᠣᠪᠠᠯ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ ᠰᠠᠶᠢ ᠪᠠᠲᠤ ᠪᠡᠬᠢ ᠰᠠᠭᠤᠷᠢ᠎ᠲᠠᠢ ᠪᠣᠯᠵᠤ ᠴᠢᠳᠠᠨ᠎ᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢ᠂ ᠪᠢᠳᠡ ᠶᠡᠷᠦᠩᠬᠡᠢ᠎ᠳᠦ᠎ᠪᠡᠨ ᠪᠦᠯᠬᠦᠮᠳᠡᠯ᠎ᠲᠠᠢ ᠲᠣᠭᠲᠠᠭᠤᠨ ᠪᠠᠢᠬᠤ ᠰᠠᠢᠨ ᠰᠠᠢᠬᠠᠨ ᠪᠠᠢᠳᠠᠯ᠎ᠢ ᠪᠠᠲᠤᠯᠠᠪᠠ᠂ ᠭᠡᠪᠡᠴᠦ ᠬᠢᠯᠢ᠎ᠶᠢᠨ ᠳᠣᠲᠣᠨ᠎ᠠ ᠭᠠᠳᠠᠨᠠᠬᠢ ᠳᠠᠢᠰᠤᠩᠨᠠᠭ᠍ᠴᠢ ᠬᠦᠴᠦᠨ᠎ᠦ ᠬᠠᠭᠠᠴᠠᠭᠤᠯᠬᠤ᠂ ᠨᠡᠪᠴᠢᠯᠲᠡ ᠬᠢᠬᠦ᠂ ᠡᠪᠳᠡᠯᠡᠭᠡ ᠬᠢᠬᠦ ᠠᠵᠢᠯᠯᠠᠭ᠎ᠠ ᠨᠢᠭᠡ ᠮᠥᠴᠡ ᠴᠦ᠍ ᠵᠣᠭᠰᠣᠭᠰᠠᠨ ᠦᠭᠡᠢ ᠶᠤᠮ᠃ ᠦᠨᠳᠦᠰᠦᠲᠡᠨ᠎ᠢ ᠬᠠᠭᠠᠴᠠᠭᠤᠯᠬᠤ ᠦᠵᠡᠯ ᠪᠣᠯ ᠦᠨᠳᠦᠰᠦᠲᠡᠨ᠎ᠢ ᠬᠠᠭᠠᠴᠠᠭᠤᠯᠬᠤ ᠡᠯ᠎ᠡ ᠵᠦᠢᠯ᠎ᠦᠨ ᠠᠵᠢᠯᠯᠠᠭᠠᠨ᠎ᠤ ᠦᠵᠡᠯ ᠰᠠᠨᠠᠭᠠᠨ᠎ᠤ ᠦᠨᠳᠦᠰᠦ ᠮᠥᠨ᠃ ᠭᠠᠭᠴᠠ ᠬᠦ᠌ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠪᠠᠲᠤ ᠪᠡᠬᠢ ᠦᠵᠡᠯ ᠰᠠᠨᠠᠭᠠᠨ᠎ᠤ ᠤᠷᠳᠤ ᠴᠠᠭᠠᠨ ᠬᠡᠷᠡᠮ᠎ᠢ ᠴᠣᠭᠴᠠᠯᠠᠨ ᠪᠠᠢᠭᠤᠯᠵᠤ᠂ ᠦᠨᠳᠦᠰᠦᠲᠡᠨ᠎ᠨᠦᠭᠦᠳ ᠤᠯᠤᠰ᠎ᠤᠨ ᠠᠮᠤᠷ ᠲᠦᠪᠰᠢᠨ ᠪᠠ ᠨᠡᠢᠭᠡᠮ᠎ᠦᠨ ᠲᠣᠭᠲᠠᠭᠤᠨ᠎ᠢ ᠬᠠᠮᠲᠤ᠎ᠪᠠᠷ ᠰᠠᠢᠲᠤᠷ ᠬᠠᠮᠠᠭᠠᠯᠠᠪᠠᠯ ᠰᠠᠶᠢ ᠡᠯ᠎ᠡ ᠵᠦᠢᠯ᠎ᠦᠨ ᠬᠡᠲᠦᠷᠡᠮᠡᠬᠡᠢ ᠬᠠᠭᠠᠴᠠᠭᠤᠯᠬᠤ ᠦᠵᠡᠯ ᠰᠠᠨᠠᠭᠠᠨ᠎ᠤ ᠨᠡᠪᠴᠢᠯᠲᠡ ᠨᠤᠷᠠᠭᠠᠯᠲᠠ᠎ᠶᠢ ᠪᠦᠲᠦᠮᠵᠢᠲᠡᠢ ᠬᠣᠷᠢᠭ᠍ᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ᠎ᠢᠶᠠᠷ ᠠᠮᠢᠳᠤᠷᠠᠬᠤ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠦᠨᠳᠦᠰᠦᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠵᠦ᠂ ᠰᠠᠢᠲᠤᠷ ᠬᠠᠮᠠᠭᠠᠯᠠᠵᠤ᠂ ᠰᠠᠢᠲᠤᠷ ᠬᠥᠭᠵᠢᠭᠦᠯᠵᠦ ᠴᠢᠳᠠᠨ᠎ᠠ᠃