1571   -   ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ
ᠳᠤᠮᠳᠠᠳᠤ᠎ᠶᠢᠨ ᠦᠨᠳᠦᠰᠦᠳᠡᠨ᠎ᠤ ᠠᠭᠤᠤ ᠶᠡᠭᠡ ᠰᠡᠷᠭᠦᠨ ᠮᠠᠨᠳᠤᠯᠳᠠ᠎ᠶᠢ ᠪᠡᠶᠡᠯᠡᠭᠦᠯᠬᠦ ᠪᠤᠯ ᠳᠤᠮᠳᠠᠳᠤ᠎ᠶᠢᠨ ᠦᠨᠳᠦᠰᠦᠳᠡᠨ᠎ᠤ ᠤᠶ᠋ᠢᠷ᠎ᠠ ᠦᠶ᠎ᠡ᠎ᠠᠴᠠ ᠨᠠᠭ᠋ᠠᠰᠢᠬᠢ ᠬᠠᠮᠤᠭ᠎ᠤᠨ ᠠᠭᠤᠤ ᠶᠡᠭᠡ ᠬᠦᠰᠡᠯ ᠵᠡᠭᠦᠳᠦ ᠮᠦᠨ
ᠨᠡᠶ᠋ᠢᠲᠡᠯᠡᠭᠰᠡᠨ ᠴᠠᠭ᠄ 2026-02-11

ᠳᠤᠮᠳᠠᠳᠤ᠎ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠲᠡᠦᠬᠡ᠎ᠲᠠᠢ ᠠᠭᠤᠤ ᠶᠡᠭᠡ ᠦᠨᠳᠦᠰᠦᠲᠡᠨ ᠮᠥᠨ᠂ ᠭᠡᠷᠡᠯ ᠰᠠᠴᠤᠷᠠᠩᠭᠤᠢ ᠳᠤᠮᠳᠠᠳᠤ᠎ᠶᠢᠨ ᠪᠣᠯᠪᠠᠰᠤᠨ᠎ᠢ ᠡᠭᠦᠳᠦᠨ ᠪᠦᠲᠦᠭᠡᠵᠦ᠂ ᠤᠷᠳᠤ ᠬᠤᠭᠤᠴᠠᠭ᠎ᠠ᠎ᠪᠠᠷ ᠳᠡᠯᠡᠬᠡᠢ᠎ᠶᠢᠨ ᠡᠮᠦᠨ᠎ᠡ ᠡᠩᠨᠡᠭᠡᠨ᠎ᠳᠤ ᠶᠠᠪᠤᠵᠤ ᠢᠷᠡᠪᠡ᠃ ᠮᠢᠩ ᠤᠯᠤᠰ᠎ᠤᠨ ᠰᠡᠭᠦᠯᠴᠢ᠎ᠶᠢᠨ ᠦᠶ᠎ᠡ᠎ᠠᠴᠠ ᠡᠬᠢᠯᠡᠵᠦ ᠡᠭᠦᠳᠡ᠎ᠪᠠᠨ ᠬᠠᠭ᠋ᠠᠵᠤ ᠤᠯᠤᠰ᠎ᠢᠶᠡᠨ ᠲᠦᠭᠵᠢᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠬᠤᠵᠢᠮ᠎ᠨᠢ ᠪᠠᠰᠠ ᠠᠵᠤ ᠦᠢ᠍ᠯᠡᠳᠪᠦᠷᠢ᠎ᠶᠢᠨ ᠬᠤᠪᠢᠰᠬᠠᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ᠎ᠤᠨ ᠠᠵᠠ ᠲᠣᠬᠢᠶᠠᠯ᠎ᠢ ᠠᠯᠳᠠᠵᠤ᠂ ᠳᠤᠮᠳᠠᠳᠤ ᠤᠯᠤᠰ ᠳᠣᠲᠣᠭ᠋ᠠᠳᠤ᠎ᠶᠢᠨ ᠵᠥᠷᠢᠴᠡᠯ ᠪᠠ ᠥᠷᠥᠨᠡᠳᠠᠬᠢᠨ᠎ᠤ ᠣᠳᠣᠬᠢᠴᠢᠯᠠᠯᠲᠠ᠎ᠶᠢᠨ ᠳᠠᠪᠠᠯᠭ᠋ᠠᠨ᠎ᠤ ᠲᠠᠭ᠋ᠠᠷᠢᠯᠳᠠ ᠳᠣᠣᠷ᠎ᠠ ᠠᠭ᠋ᠠᠵᠢᠮ᠎ᠢᠶᠠᠷ ᠣᠷᠣᠭᠣᠳᠠᠬᠣ ᠵᠦᠭ᠎ᠲᠦ ᠬᠠᠨᠳᠣᠪᠠ᠃ ᠬᠠᠷ᠎ᠠ ᠲᠠᠮᠠᠭᠢᠠ᠎ᠤ ᠳᠠᠢ᠌ᠨ᠎ᠤ ᠲᠠᠷᠠᠭ᠎ᠠ᠂ ᠣᠢ᠍ᠷᠣᠨᠠᠲᠠᠭᠢᠠ᠎ᠤ ᠬᠦᠴᠦᠷᠭᠡᠭ ᠤᠯᠤᠰ᠎ᠤᠳ᠎ᠤᠨ ᠳᠦᠷᠢᠮᠡᠭᠡᠢ᠌ᠯᠡᠯ ᠪᠠ ᠹᠧᠣᠲᠠᠯ᠎ᠤᠨ ᠨᠣᠶᠠᠷᠬᠠᠯ᠎ᠤᠨ ᠢᠯᠵᠢᠷᠠᠯ᠎ᠠᠴᠠ ᠪᠤᠯᠵᠤ᠂ ᠳᠣᠮᠲᠠᠲᠤ ᠤᠯᠤᠰ ᠢᠳᠡᠭ ᠢᠳᠡᠭ᠎ᠢᠶᠠᠷ ᠬᠠᠭ᠋ᠠᠰ ᠺᠣᠯᠣᠨᠢ ᠬᠠᠭ᠋ᠠᠰ ᠹᠧᠣᠲᠠᠯ᠎ᠤᠨ ᠨᠠᠢ᠍ᠢ᠍ᠭᠡᠮ᠎ᠤᠨ ᠲᠦᠨᠡᠷ ᠬᠠᠷᠠᠩᠭᠣᠢ ᠭᠦᠨ ᠬᠦᠪ᠎ᠲᠤ ᠣᠷᠣᠵᠣ᠂ ᠤᠯᠤᠰ ᠭᠦᠷᠦᠨ ᠭᠤᠳᠤᠭ᠋ᠠᠯ ᠲᠤᠷᠤᠮᠵᠢᠯᠠᠯ᠎ᠢ ᠠᠮᠰᠠᠵᠤ᠂ ᠠᠷᠠᠳ ᠲᠦᠮᠡᠨ ᠭᠠᠮᠰᠢᠭ ᠵᠣᠪᠠᠯᠠᠩ᠎ᠳᠤ ᠤᠨᠠᠵᠤ᠂ ᠪᠤᠯᠪᠠᠰᠤᠨ ᠴᠦ᠍ ᠲᠣᠭᠣᠰᠣᠨ᠎ᠳᠤ ᠪᠣᠯᠠᠭᠳᠠᠵᠤ᠂ ᠳᠣᠮᠲᠠᠲᠤ᠎ᠶᠢᠨ ᠣᠢ᠍ᠠᠲᠣᠰᠣᠲᠠᠨ ᠣᠷᠢᠣᠠ ᠡᠮᠣᠨ᠎ᠠ ᠭᠠᠷᠣᠭ᠎ᠠ ᠣᠢ᠍ᠭᠡᠢ ᠭᠠᠢ ᠭᠠᠮᠰᠢᠭ᠎ᠲᠤ ᠣᠴᠠᠷᠠᠵᠠᠢ᠃ ᠲᠡᠷᠡ ᠦᠶ᠎ᠡ᠎ᠠᠴᠠ ᠡᠬᠢᠯᠡᠨ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠶᠠᠪᠤᠳᠠᠯ ᠨᠢ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠤ ᠬᠠᠮᠤᠭ᠎ᠤᠨ ᠠᠭᠤᠤ ᠶᠡᠬᠡ ᠬᠦᠰᠡᠯ ᠵᠡᠭᠦᠳᠦ ᠪᠣᠯᠪᠠ᠃

ᠡᠨᠠ ᠬᠦ᠌ ᠠᠭᠣᠤ ᠶᠠᠭᠡ ᠬᠦᠰᠡᠯ ᠵᠡᠭᠦᠳᠦ᠎ᠶᠢ ᠪᠠᠶᠠᠯᠠᠭᠦᠯᠭᠦ᠎ᠶᠢᠨ ᠳᠣᠢ᠍ᠯᠣᠭᠡ᠂ ᠳᠣᠮᠳᠠᠲᠣ ᠤᠯᠤᠰ᠎ᠤᠨ ᠠᠷᠠᠳ ᠲᠦᠮᠡᠨ ᠪᠠ ᠦᠢ ᠣᠯᠠᠨ ᠴᠢᠩ ᠵᠣᠷᠢᠭᠲᠠᠨ ᠲᠣᠭ᠎ᠠ ᠲᠣᠮᠰᠢ ᠦᠭᠡᠢ ᠬᠦᠴᠢᠷ ᠪᠡᠷᠭᠡᠰᠢᠶᠡᠯ ᠲᠠᠢ ᠬᠥᠭᠡᠭᠡᠴᠡᠯᠳᠦᠯ ᠪᠠ ᠨᠣᠭᠣᠷᠠᠰᠢ ᠦᠭᠡᠢ ᠲᠡᠮᠡᠴᠡᠯ ᠬᠢᠪᠡ᠃᠎ᠲᠠᠢ ᠫᠢᠩ ᠲᠢᠶᠠᠨ ᠭᠦᠸᠧ᠎ᠶᠢᠨ ᠬᠥᠳᠡᠯᠭᠡᠭᠡᠨ᠂ ᠭᠠᠳᠠᠭ᠋ᠠᠳᠤ᠎ᠶᠢ ᠳᠠᠭᠣᠷᠢᠶᠠᠬᠣ ᠬᠥᠳᠡᠯᠭᠡᠭᠡᠨ᠂ ᠰᠢᠷ᠎ᠠ ᠨᠣᠬᠠᠢ ᠵᠢᠯ᠎ᠤᠨ ᠬᠠᠤᠯᠢ᠎ᠶᠢᠨ ᠦᠭᠡᠷᠡᠴᠢᠯᠡᠯᠲᠡ᠂ ᠢ ᠾᠧ ᠲᠤᠸᠠᠨ᠎ᠤ ᠬᠥᠳᠡᠯᠭᠡᠭᠡᠨ᠂ ᠴᠠᠭ᠋ᠠᠭᠴᠢᠨ ᠭᠠᠬᠠᠢ ᠵᠢᠯ᠎ᠤᠨ ᠬᠣᠪᠢᠰᠬᠠᠯ ᠵᠠᠯᠭ᠋ᠠᠭ᠎ᠠ᠎ᠪᠠᠷ ᠡᠬᠢᠯᠡᠵᠦ᠂ ᠤᠯᠤᠰ᠎ᠢᠶᠠᠨ ᠠᠪᠤᠷᠠᠬᠤ ᠡᠯ᠎ᠡ ᠵᠦᠢ᠍ᠯ᠎ᠤᠨ ᠲᠥᠰᠦᠯ ᠵᠠᠯᠭ᠋ᠠᠭ᠎ᠠ᠎ᠪᠠᠷ ᠨᠡᠢ᠌ᠲᠡᠯᠡᠭᠳᠡᠵᠡᠢ᠂ ᠭᠡᠪᠡᠴᠦ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠦ ᠭᠤᠨᠢᠭ ᠬᠠᠷᠠᠰᠠᠯᠲᠤ ᠬᠤᠪᠢ ᠵᠠᠶᠠᠭ᠎ᠠ᠎ᠶᠢ ᠬᠤᠪᠢᠷᠠᠭᠤᠯᠵᠤ ᠴᠢᠳᠠᠭᠰᠠᠨ ᠦᠭᠡᠢ᠃ ᠠᠷᠪᠠᠳᠤᠭ᠋ᠠᠷ ᠰᠠᠷ᠎ᠠ᠎ᠶᠢᠨ ᠬᠣᠪᠢᠰᠬᠠᠯ᠎ᠤᠨ ᠫᠤᠤ᠎ᠶᠢᠨ ᠳᠠᠭᠣᠨ ᠨᠢ ᠳᠤᠮᠳᠠᠳᠤ ᠤᠯᠤᠰ᠎ᠲᠤ ᠮᠠᠷᠺᠰ ᠯᠧᠨᠢᠨ᠎ᠤ ᠦᠵᠡᠯ᠎ᠢ ᠠᠪᠴᠢᠷᠠᠵᠤ ᠥᠭᠪᠡ᠃ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠬᠡᠭᠡᠷᠡᠯ ᠳᠤᠮᠳᠠ᠂ ᠮᠠᠷᠺᠰ ᠯᠧᠨᠢᠨ᠎ᠤ ᠦᠵᠡᠯ᠎ᠢ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ ᠯᠣᠭᠡ ᠨᠢᠭᠲᠠ ᠤᠶᠠᠯᠳᠤᠭᠤᠯᠬᠤ ᠳᠤᠮᠳᠠ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠵᠡᠢ᠃ ᠡᠭᠦᠠ᠎ᠠᠴᠠ ᠠᠪᠤᠭ᠋ᠠᠣᠠ ᠳᠣᠮᠲᠠᠲᠤ ᠤᠯᠤᠰ᠎ᠤᠨ ᠠᠷᠠᠣᠠ ᠳᠣᠢ᠍ᠮᠠᠨ ᠣᠢ᠍ᠠᠲᠣᠰᠣᠲᠠᠨ᠎ᠤ ᠲᠤᠰᠠᠭᠠᠷ ᠳᠣᠬᠲᠠᠨᠢᠯ᠂ ᠠᠷᠠᠣᠠ ᠳᠣᠢ᠍ᠮᠠᠨ᠎ᠤ ᠴᠢᠯᠣᠭᠡᠯᠠᠯᠲᠠ ᠪᠠ ᠤᠯᠤᠰ ᠣᠷᠣᠠ᠎ᠤ ᠪᠠᠶᠠᠵᠢᠯ ᠬᠦᠴᠦᠷᠭᠡᠭᠵᠢᠯ᠂ ᠠᠷᠠᠣᠠ ᠳᠣᠢ᠍ᠮᠠᠨ᠎ᠤ ᠵᠣᠯ ᠵᠢᠷᠭ᠋ᠠᠯ᠎ᠢᠶᠠᠨ ᠬᠦᠭᠡᠭᠡᠴᠡᠯᠳᠦᠬᠦ ᠲᠠᠮᠠᠴᠠᠯ᠎ᠳᠤ ᠲᠦᠰᠢᠭ ᠲᠣᠯᠭ᠋ᠠᠭᠣᠷᠢ᠎ᠲᠠᠢ ᠪᠤᠯᠵᠤ᠂ ᠳᠣᠮᠲᠠᠲᠤ ᠤᠯᠤᠰ᠎ᠤᠨ ᠠᠷᠠᠣᠠ ᠳᠣᠢ᠍ᠮᠠᠨ ᠣᠶᠣᠠ ᠰᠠᠨᠠᠭ᠋ᠠᠨ᠎ᠤ ᠲᠠᠯ᠎ᠠ᠎ᠪᠠᠷ ᠢᠳᠡᠪᠬᠢ ᠪᠣᠰᠤ ᠪᠠᠢ᠍ᠢ᠍ᠬᠰᠠᠨ᠎ᠠᠴᠠ᠎ᠪᠠᠨ ᠢᠳᠡᠪᠬᠢᠲᠡᠢ ᠪᠤᠯᠣᠬᠰᠠᠨ ᠪᠠᠢ᠍ᠢ᠍ᠨ᠎ᠠ᠃ 

ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠣᠯᠡᠮᠡᠭᠴᠡ᠎ᠪᠠᠨ ᠡᠪ ᠬᠠᠮᠲᠤ ᠶᠣᠰᠣ᠎ᠶᠢ ᠪᠡᠶᠡᠯᠡᠭᠦᠯᠬᠦ᠎ᠪᠠᠷ ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠤᠨ ᠬᠠᠷᠠᠯᠲᠠ ᠪᠣᠯᠭ᠋ᠠᠵᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠲᠡᠦᠬᠡᠲᠦ ᠡᠭᠦᠷᠭᠡ᠎ᠶᠢ ᠡᠷᠡᠭᠡᠯᠵᠡᠯ ᠦᠭᠡᠢ ᠡᠭᠦᠷᠭᠡᠯᠡᠨ ᠠᠪᠴᠠᠢ᠃ 2021 ᠣᠨ᠎ᠤ 7 ᠳ᠋ᠤᠭ᠋ᠠᠷ ᠰᠠᠷ᠎ᠠ᠎ᠳᠤ᠂ ᠶᠡᠷᠦᠩᠬᠡᠶ ᠱᠦᠵᠢ ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠣᠶ᠎ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠵᠢᠭ᠋ᠠᠵᠣ ᠭᠠᠷᠭ᠋ᠠᠭᠰᠠᠨ᠎ᠢᠶᠠᠷ᠂ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ᠎ᠶᠢ ᠬᠣᠷᠢᠶᠠᠩᠭᠣᠢ᠌ᠯᠠᠪᠠᠰᠤ ᠨᠢᠭᠡ ᠯᠡ ᠭᠤᠤᠯ ᠰᠡᠳᠦᠪ ᠪᠣᠯᠤᠨ᠎ᠠ᠄ ᠳᠠᠷᠡ ᠨᠢ ᠳᠣᠮᠳᠠᠲᠣ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠶᠠᠪᠣᠳᠠᠯ ᠪᠣᠯᠣᠨ᠎ᠠ᠃ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠠᠮᠢ ᠴᠦᠯᠡᠨ᠂ ᠨᠤᠭᠤᠷᠠᠰᠢ ᠦᠭᠡᠢ ᠲᠡᠮᠡᠴᠡᠵᠦ᠂ ᠡᠵᠡᠷᠬᠡᠭ ᠲᠦᠷᠢᠮᠡᠬᠡᠶ᠋ᠢᠲᠡᠨ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠭᠡᠬᠦ ᠭᠤᠷᠪᠠᠨ ᠶᠡᠭᠡ ᠠᠭᠤᠯᠠ᠎ᠶᠢ ᠲᠦᠯᠬᠢᠨ ᠤᠨᠠᠭ᠋ᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ᠎ᠢ ᠪᠡᠶᠡᠯᠡᠭᠦᠯᠵᠦ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠬᠡᠳᠦᠨ ᠮᠢᠩᠭ᠋ᠠᠨ ᠵᠢᠯ᠎ᠤᠨ ᠹᠧᠣᠳᠠᠯ᠎ᠤᠨ ᠡᠵᠡᠷᠬᠡᠭ ᠤᠯᠤᠰ ᠲᠥᠷᠥ᠎ᠠᠴᠠ ᠠᠷᠠᠳ᠎ᠤᠨ ᠠᠷᠠᠳᠴᠢᠯᠠᠯ᠎ᠲᠠᠢ ᠪᠣᠯᠤᠭᠰᠠᠨ ᠠᠭᠤᠤ ᠶᠡᠭᠡ ᠦᠰᠦᠷᠦᠯᠲᠡ᠎ᠶᠢ ᠪᠡᠶᠡᠯᠡᠭᠦᠯᠪᠡ᠃ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠥᠪᠡᠷ᠎ᠤᠨ ᠬᠦᠴᠦ᠎ᠪᠡᠷ᠎ᠢᠶᠡᠨ ᠳᠡᠭᠵᠢᠷᠡᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠨᠡᠶ᠋ᠢᠭᠡᠮ ᠵᠢᠷᠤᠮᠲᠤ ᠬᠤᠪᠢᠰᠬᠠᠯ ᠬᠢᠵᠦ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠪᠠᠶ᠋ᠢᠭᠤᠯᠵᠤ᠂ ᠨᠡᠶ᠋ᠢᠭᠡᠮ ᠵᠢᠷᠤᠮᠲᠤ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶ᠋ᠢᠭᠡᠮ᠎ᠤᠨ ᠬᠤᠪᠢᠰᠤᠯᠲᠠ᠎ᠶᠢ ᠪᠡᠶᠡᠯᠡᠭᠦᠯᠵᠦ᠂ ᠨᠢᠭᠡ᠎ᠳᠦ ᠶᠠᠳᠠᠭᠤ ᠬᠤᠶᠠᠷ᠎ᠲᠤ ᠬᠣᠭᠣᠰᠣᠨ᠂ ᠬᠥᠮᠦᠨ ᠠᠮᠠ ᠣᠯᠠᠨ ᠲᠠᠢ ᠳᠣᠷᠣᠨᠠᠳᠠᠬᠢᠨ᠎ᠤ ᠲᠣᠮᠣ ᠤᠯᠤᠰ᠎ᠢᠶᠠᠨ ᠨᠡᠶ᠋ᠢᠭᠡᠮ ᠵᠢᠷᠤᠮᠲᠤ ᠨᠡᠶ᠋ᠢᠭᠡᠮ᠎ᠳᠤ ᠶᠡᠭᠡ ᠠᠯᠬᠤᠮ᠎ᠢᠶᠠᠷ ᠠᠯᠬᠤᠨ ᠣᠷᠣᠭᠣᠯᠣᠭᠰᠠᠨ ᠠᠭᠤᠤ ᠶᠡᠭᠡ ᠦᠰᠦᠷᠦᠯᠲᠡ᠎ᠶᠢ ᠪᠡᠶᠡᠯᠡᠭᠦᠯᠪᠡ᠃ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠦᠵᠡᠯ ᠰᠠᠨᠠᠭ᠎ᠠ᠎ᠪᠠᠨ ᠴᠢᠯᠦᠭᠡᠯᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠤ ᠨᠠᠮ᠎ᠤᠨ ᠦᠨᠳᠦᠰᠦᠨ ᠱᠤᠭᠤᠮ᠎ᠢ ᠲᠣᠭᠲᠠᠭ᠋ᠠᠵᠤ᠂ ᠥᠭᠡᠷᠡᠴᠢᠯᠡᠯᠲᠡ ᠨᠡᠭᠡᠭᠡᠯᠲᠡ᠎ᠶᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠡᠭᠦᠳᠦᠨ ᠪᠠᠢ᠌ᠭᠣᠯᠵᠣ᠂ ᠪᠠᠷᠢᠮᠲᠠᠯᠠᠵᠤ᠂ ᠬᠠᠮᠠᠭ᠋ᠠᠯᠠᠵᠤ᠂ ᠬᠥᠭᠵᠢᠭᠦᠯᠵᠦ᠂ ᠥᠷᠭᠡᠨ ᠤᠯᠠᠨ ᠠᠷᠠᠳ ᠲᠦᠮᠡᠨ᠎ᠤ ᠪᠦᠲᠦᠭᠡᠯᠴᠢ ᠴᠢᠨᠠᠷ᠎ᠢ ᠲᠦᠢ᠍ᠯ᠎ᠤᠨ ᠶᠡᠭᠡ᠎ᠪᠠᠷ ᠬᠥᠭᠵᠢᠭᠡᠵᠦ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠢ᠍ᠯ᠎ᠤᠨ ᠶᠡᠭᠡ᠎ᠪᠠᠷ ᠴᠢᠯᠥᠭᠡᠯᠡᠨ ᠬᠥᠭᠵᠢᠭᠦᠯᠵᠦ᠂ ᠨᠡᠶ᠋ᠢᠭᠡᠮ᠎ᠤᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠲᠤᠶ᠋ᠢᠯ᠎ᠤᠨ ᠶᠡᠭᠡ᠎ᠪᠠᠷ ᠴᠢᠩᠭ᠋ᠠᠷᠠᠭᠣᠯᠵᠣ᠂ ᠳᠤᠮᠳᠠᠳᠤ᠎ᠶᠢᠨ ᠦᠨᠳᠦᠰᠦᠲᠡᠨ᠎ᠤ ᠪᠣᠰᠴᠤ ᠵᠣᠭᠰᠣᠭᠰᠠᠨ᠎ᠠᠴᠠ ᠪᠠᠶᠠᠵᠢᠭᠰᠠᠨ ᠠᠭᠤᠤ ᠶᠡᠭᠡ ᠦᠰᠦᠷᠦᠯᠲᠡ᠎ᠶᠢ ᠠᠬᠢᠭᠤᠯᠪᠠ᠃ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠥᠪᠡᠷ᠎ᠢ᠎ᠪᠠᠨ ᠢᠲᠡᠭᠡᠵᠦ ᠥᠪᠡᠷ᠎ᠢ᠎ᠪᠠᠨ ᠬᠦᠴᠦᠷᠬᠡᠭᠵᠢᠭᠦᠯᠵᠦ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ 《ᠲᠠᠪᠤ᠎ᠶᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠲᠦᠷᠪᠡᠨ ᠪᠦᠬᠦ ᠲᠠᠯ᠎ᠠ》᠎ᠶᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠠᠯᠢ ᠤᠯᠠᠨ ᠬᠦᠨᠳᠦ ᠶᠡᠭᠡ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠰᠢᠨ᠎ᠡ ᠠᠶᠠᠨ᠎ᠳᠤ ᠮᠣᠷᠳᠠᠵᠤ᠂ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ᠎ᠶᠢ ᠤᠭᠲᠤᠨ ᠠᠪᠴᠢᠷᠠᠪᠠ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠭᠠᠷᠤᠢ ᠵᠢᠯ᠎ᠤᠨ ᠲᠤᠷᠰᠢ᠂ ᠮᠠᠨ᠎ᠤ ᠤᠯᠤᠰ᠎ᠤᠨ ᠬᠤᠳᠠ ᠬᠥᠳᠡᠭᠡ᠎ᠶᠢᠨ ᠳᠦᠷᠰᠦ ᠪᠠᠶ᠋ᠢᠳᠠᠯ ᠪᠠ ᠠᠷᠠᠳ᠎ᠤᠨ ᠠᠮᠢᠳᠤᠷᠠᠯ᠎ᠳᠤ ᠲᠩᠷᠢ ᠭᠠᠵᠠᠷ᠎ᠢ ᠲᠤᠩᠰᠤᠯᠭ᠋ᠠᠮ᠎ᠠ ᠬᠤᠪᠢᠷᠠᠯᠲᠠ ᠭᠠᠷᠴᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠵᠥᠪ ᠣᠨᠣᠪᠴᠢᠲᠤ ᠴᠢᠨᠠᠷ᠂ ᠳᠠᠪᠠᠭᠤᠯᠢᠭ ᠴᠢᠨᠠᠷ᠎ᠢ ᠭᠦᠢ᠍ᠴᠡᠳ ᠭᠡᠷᠡᠴᠢᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠤᠯᠠᠨ᠎ᠤ ᠬᠦᠷᠢᠶᠡᠯᠡᠯ ᠪᠠ ᠳᠡᠮᠵᠢᠯᠭᠡ᠎ᠶᠢ ᠤᠯᠤᠭᠰᠠᠨ᠎ᠨᠢ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠰᠠᠬᠢᠭᠰᠠᠨ᠎ᠠᠴᠠ ᠪᠣᠯᠤᠭᠰᠠᠨ ᠶᠤᠮ᠃

ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠣᠯ ᠦᠨᠳᠦᠰᠦᠲᠡᠨ᠎ᠨᠦᠭᠦᠳ᠎ᠤᠨ ᠬᠠᠮᠲᠤ᠎ᠶᠢᠨ ᠬᠦᠰᠡᠯ ᠵᠡᠭᠦᠳᠦ ᠮᠥᠨ᠃ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ ᠪᠣᠯ ᠪᠦᠬᠦ ᠳᠤᠮᠳᠠᠳᠤ᠎ᠶᠢᠨ ᠬᠥᠪᠡᠭᠦᠳ ᠥᠬᠢᠳ᠎ᠤᠨ ᠬᠠᠮᠲᠤ᠎ᠶᠢᠨ ᠬᠦᠰᠡᠯ ᠡᠷᠡᠮᠡᠯᠵᠡᠯ ᠮᠥᠨ᠂ ᠪᠠᠰᠠ ᠴᠤ᠌ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶᠢᠨ ᠬᠠᠷᠠᠯᠲᠠ ᠮᠥᠨ᠃ ᠡᠨᠠ ᠬᠦ᠌ ᠬᠦᠰᠡᠯ ᠪᠠ ᠬᠠᠷᠠᠯᠲᠠ᠎ᠶᠢ ᠪᠠᠶᠠᠯᠠᠭᠦᠯᠭᠦ᠎ᠳᠤ᠂ ᠪᠤᠢ᠍ᠭᠦ ᠤᠯᠤᠰ᠎ᠤᠨ ᠣᠢ᠍ᠠᠲᠣᠰᠣᠲᠠᠨ᠎ᠨᠦᠭᠦᠳ᠎ᠤᠨ ᠠᠷᠠᠣᠠ ᠳᠣᠢ᠍ᠮᠠᠨ᠎ᠤ ᠶᠠᠭᠡ ᠪᠤᠢ᠍ᠯᠭᠦᠮᠲᠠᠯ᠎ᠤᠨ ᠬᠦᠴᠦᠨ᠎ᠠᠴᠠ ᠰᠠᠯᠵᠤ ᠴᠢᠲᠠᠬᠤ ᠣᠢ᠍ᠭᠡᠢ ᠶᠣᠮ᠃ ᠮᠠᠨ᠎ᠤ ᠤᠯᠤᠰ᠎ᠤᠨ ᠲᠠᠪᠢᠨ ᠵᠢᠷᠭᠤᠭ᠋ᠠᠨ ᠦᠨᠳᠦᠰᠦᠲᠡᠨ ᠪᠣᠯ ᠴᠥᠮ ᠳᠤᠮᠳᠠᠳᠤ᠎ᠶᠢᠨ ᠦᠨᠳᠦᠰᠦᠲᠡᠨ᠎ᠤ ᠶᠡᠭᠡ ᠭᠡᠷ ᠪᠦᠯᠢ᠎ᠶᠢᠨ ᠡᠷᠬᠡ ᠲᠡᠭᠰᠢ ᠨᠢᠭᠡ ᠭᠡᠰᠢᠭᠦᠨ ᠮᠥᠨ᠂ ᠬᠡᠨ ᠠᠯᠢᠨ᠎ᠠᠴᠠ᠎ᠪᠠᠨ ᠴᠤ᠌ ᠰᠠᠯᠵᠣ ᠴᠢᠳᠠᠬᠤ ᠦᠭᠡᠢ ᠳᠤᠮᠳᠠᠳᠤ᠎ᠶᠢᠨ ᠦᠨᠳᠦᠰᠦᠲᠡᠨ᠎ᠤ ᠬᠤᠪᠢ ᠵᠠᠶᠠᠭ᠋ᠠᠨ᠎ᠤ ᠬᠠᠮᠲᠤ᠎ᠶᠢᠨ ᠴᠣᠭᠴᠠ᠎ᠶᠢ ᠬᠠᠮᠲᠣ᠎ᠪᠠᠷ ᠪᠦᠷᠢᠯᠳᠦᠭᠦᠯᠵᠡᠢ᠃

ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠦ ᠰᠣᠨᠢᠨ
Baidu
map