ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶᠢ ᠵᠥᠪ ᠡᠵᠡᠮᠰᠢᠨ᠎ᠡ᠃ ᠮᠠᠨ᠎ᠤ ᠤᠯᠤᠰ᠎ᠤᠨ ᠠᠵᠤ ᠠᠬᠤᠢ᠂ ᠤᠯᠤᠰ ᠲᠦᠷᠦ᠂ ᠰᠣᠶᠣᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠵᠡᠷᠭᠡ ᠡᠯ᠎ᠡ ᠲᠠᠯ᠎ᠠ᠎ᠶᠢᠨ ᠲᠠᠰᠤᠷᠠᠯᠲᠠ ᠦᠭᠡᠢ ᠬᠥᠭᠵᠢᠬᠦ᠎ᠶᠢ ᠳᠠᠭᠠᠯᠳᠤᠨ᠂ ᠦᠨᠳᠦᠰᠦᠲᠡᠨ᠎ᠨᠦᠭᠦᠳ ᠬᠠᠷᠢᠯᠴᠠᠨ ᠰᠤᠷᠤᠯᠴᠠᠵᠤ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠠᠪᠰᠤᠷᠤᠯᠴᠠᠵᠤ ᠪᠠᠢᠳᠠᠭ᠎ᠠᠴᠠ ᠬᠠᠮᠲᠤ᠎ᠶᠢᠨ ᠬᠦᠴᠦᠨ ᠵᠦᠢᠯ ᠲᠠᠰᠤᠷᠠᠯᠲᠠ ᠦᠭᠡᠢ ᠨᠡᠮᠡᠭᠳᠡᠵᠦ ᠪᠠᠢᠨ᠎ᠠ᠃ ᠨᠡᠢᠲᠡᠯᠢᠭ ᠴᠢᠨᠠᠷ᠎ᠢ ᠨᠡᠮᠡᠭᠳᠡᠭᠦᠯᠬᠦ᠂ ᠵᠥᠷᠢᠶᠡᠲᠦ ᠴᠢᠨᠠᠷ᠎ᠢ ᠬᠦᠨᠳᠦᠳᠬᠡᠬᠦ ᠪᠠ ᠪᠠᠭᠲᠠᠭᠠᠬᠤ ᠪᠣᠯ ᠦᠨᠳᠦᠰᠦᠲᠡᠨ᠎ᠦ ᠠᠵᠢᠯ᠎ᠤᠨ ᠴᠢᠬᠤᠯᠠ ᠵᠠᠷᠴᠢᠮ ᠮᠥᠨ᠃ ᠨᠡᠢᠲᠡᠯᠢᠭ ᠴᠢᠨᠠᠷ᠎ᠢ ᠨᠡᠮᠡᠭᠳᠡᠭᠦᠯᠬᠦ᠎ᠳᠦ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠢ ᠮᠡᠳᠡᠷᠡᠬᠦ ᠪᠠ ᠤᠯᠤᠰ ᠣᠷᠣᠨ᠎ᠤ ᠤᠬᠠᠮᠰᠠᠷ᠂ ᠠᠷᠠᠳ ᠢᠷᠭᠡᠳ᠎ᠦᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭᠠᠳᠬᠠᠨ᠎ᠠ᠃ ᠵᠥᠷᠢᠶᠡᠲᠦ ᠴᠢᠨᠠᠷ᠎ᠢ ᠬᠦᠨᠳᠦᠳᠬᠡᠬᠦ᠎ᠳᠦ᠂ ᠡᠯ᠎ᠡ ᠦᠨᠳᠦᠰᠦᠲᠡᠨ᠎ᠦ ᠬᠣᠭᠣᠯᠠ ᠤᠮᠳᠠᠭᠠᠨ ᠬᠤᠪᠴᠠᠰᠤ ᠵᠠᠰᠠᠯ᠂ ᠵᠠᠩ ᠳᠠᠳᠬᠠᠯ᠂ ᠰᠣᠶᠣᠯ ᠤᠷᠠᠯᠢᠭ᠋᠂ ᠪᠠᠷᠢᠯᠭ᠎ᠠ᠎ᠶᠢᠨ ᠬᠡᠪ ᠨᠠᠮᠪᠠ ᠵᠡᠷᠭᠡ ᠲᠠᠯ᠎ᠠ᠎ᠪᠠᠷ ᠬᠢ ᠬᠠᠮᠠᠭᠠᠯᠠᠯᠲᠠ ᠪᠠ ᠤᠯᠠᠮᠵᠢᠯᠠᠯ᠎ᠢ ᠠᠩᠬᠠᠷᠤᠨ᠎ᠠ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠠ ᠡᠯ᠎ᠡ ᠦᠨᠳᠦᠰᠦᠲᠡᠨ᠎ᠦ ᠤᠬᠠᠮᠰᠠᠷ᠎ᠤᠨ ᠬᠠᠷᠢᠴᠠᠭ᠎ᠠ᠎ᠶᠢ ᠵᠥᠪ ᠡᠵᠡᠮᠰᠢᠨ᠎ᠡ᠃ ᠦᠨᠳᠦᠰᠦᠲᠡᠨ᠎ᠨᠦᠭᠦᠳ᠎ᠢ ᠬᠥᠲᠥᠯᠥᠨ ᠵᠢᠯᠤᠭᠣᠳᠴᠤ ᠪᠠᠢᠭᠠᠳ ᠳᠤᠮᠳᠠᠳᠤ᠎ᠶᠢᠨ ᠦᠨᠳᠦᠰᠦᠲᠡᠨ᠎ᠦ ᠠᠰᠢᠭ᠋ ᠲᠤᠰᠠ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠲᠤᠰ ᠦᠨᠳᠦᠰᠦᠲᠡᠨ᠎ᠦ ᠤᠬᠠᠮᠰᠠᠷ᠎ᠢᠶᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠳᠠᠭᠠᠭᠤᠯᠬᠤ ᠪᠠ ᠲᠡᠭᠦᠨ᠎ᠳᠦ ᠦᠢᠯᠡᠴᠢᠯᠡᠬᠦ᠎ᠶᠢᠨ ᠬᠠᠮᠲᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠬᠦᠯᠢ ᠴᠣᠭᠴᠠ᠎ᠶᠢᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠬᠦ ᠶᠠᠪᠤᠴᠠ᠎ᠳᠤ ᠦᠨᠳᠦᠰᠦᠲᠡᠨ᠎ᠨᠦᠭᠦᠳ᠎ᠦᠨ ᠪᠣᠳᠠᠲᠠᠢ ᠠᠰᠢᠭ᠋ ᠲᠤᠰᠠ᠎ᠶᠢ ᠰᠠᠢᠲᠤᠷ ᠪᠡᠶᠡᠯᠡᠭᠦᠯᠬᠦ ᠬᠡᠷᠡᠭᠲᠡᠢ᠃ ᠦᠨᠳᠦᠰᠦᠲᠡᠨ᠎ᠦ ᠳᠡᠭᠡᠷᠡᠩᠭᠦᠢ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠦ ᠦᠵᠡᠯ ᠨᠢ ᠴᠥᠮ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠳᠤ ᠠᠰᠢᠭ᠋ ᠦᠭᠡᠢ ᠶᠤᠮ᠃
ᠳᠤᠮᠳᠠᠳᠤ᠎ᠶᠢᠨ ᠰᠣᠶᠣᠯ ᠪᠠ ᠡᠯ᠎ᠡ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶᠢ ᠵᠥᠪ ᠡᠵᠡᠮᠰᠢᠨ᠎ᠡ᠃ ᠡᠯ᠎ᠡ ᠦᠨᠳᠦᠰᠦᠲᠡᠨ᠎ᠦ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶᠢᠨ ᠰᠣᠶᠣᠯ᠎ᠤᠨ ᠪᠦᠷᠢᠯᠳᠦᠭᠦᠨ ᠬᠡᠰᠡᠭ ᠮᠥᠨ᠃ ᠳᠤᠮᠳᠠᠳᠤ᠎ᠶᠢᠨ ᠰᠣᠶᠣᠯ ᠪᠣᠯ ᠭᠣᠣᠯ ᠡᠰᠢ᠂ ᠡᠯ᠎ᠡ ᠦᠨᠳᠦᠰᠦᠲᠡᠨ᠎ᠦ ᠰᠣᠶᠣᠯ ᠪᠣᠯ ᠰᠠᠯᠠᠭ᠎ᠠ ᠨᠠᠮᠠᠭ᠎ᠠ ᠨᠢ ᠪᠣᠯᠣᠨ᠎ᠠ᠂ ᠦᠨᠳᠦᠰᠦ ᠨᠢ ᠭᠦᠨ ᠡᠰᠢ ᠨᠢ ᠪᠦᠳᠦᠭᠦᠨ ᠪᠠᠢᠮᠠᠨᠵᠢᠨ ᠰᠠᠯᠠᠭ᠎ᠠ ᠨᠠᠮᠠᠭ᠎ᠠ ᠨᠢ ᠢᠭ᠍ᠴᠤ ᠰᠠᠬᠤᠯᠢᠭ᠋ ᠪᠣᠯᠵᠤ ᠴᠢᠳᠠᠨ᠎ᠠ᠃ ᠬᠢᠲᠠᠳ ᠦᠨᠳᠦᠰᠦᠲᠡᠨ᠎ᠦ ᠰᠣᠶᠣᠯ᠎ᠢ ᠳᠤᠮᠳᠠᠳᠤ᠎ᠶᠢᠨ ᠰᠣᠶᠣᠯ᠎ᠢᠶᠠᠷ ᠦᠵᠡᠵᠦ᠂ ᠥᠪᠡᠷ᠎ᠦᠨ ᠦᠨᠳᠦᠰᠦᠲᠡᠨ᠎ᠦ᠎ᠪᠡᠨ ᠰᠣᠶᠣᠯ᠎ᠢ ᠳᠤᠮᠳᠠᠳᠤ᠎ᠶᠢᠨ ᠰᠣᠶᠣᠯ᠎ᠠᠴᠠ ᠭᠠᠳᠠᠭᠤᠷ ᠪᠠᠢᠯᠭᠠᠬᠤ ᠨᠢ ᠴᠥᠮ ᠪᠤᠷᠤᠭᠤ ᠶᠤᠮ᠃ ᠡᠯ᠎ᠡ ᠦᠨᠳᠦᠰᠦᠲᠡᠨ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠬᠠᠮᠠᠭᠠᠯᠠᠬᠤ᠂ ᠰᠢᠨ᠎ᠡ᠎ᠶᠢ ᠡᠭᠦᠳᠬᠦ᠎ᠶᠢ ᠨᠢ ᠠᠬᠢᠭᠤᠯᠬᠤ᠎ᠳᠤ ᠳᠤᠮᠳᠠᠳᠤ᠎ᠶᠢᠨ ᠰᠣᠶᠣᠯ᠎ᠢ ᠮᠡᠳᠡᠷᠡᠬᠦ᠎ᠪᠡᠨ ᠴᠢᠩᠭᠠᠳᠬᠠᠭᠰᠠᠨᠤ ᠰᠠᠭᠤᠷᠢᠨ ᠳᠡᠭᠡᠷ᠎ᠡ ᠶᠠᠪᠤᠭᠳᠠᠭᠤᠯᠬᠤ ᠬᠡᠷᠡᠭᠲᠡᠢ᠂ ᠡᠬᠢ ᠠᠳᠠᠭ᠎ᠢ ᠲᠣᠩᠭᠣᠷᠤᠭᠤᠯᠵᠤ ᠪᠣᠯᠬᠤ ᠦᠭᠡᠢ᠃
ᠪᠣᠳᠠᠰ᠎ᠤᠨ ᠪᠠ ᠤᠶᠤᠨ᠎ᠤ ᠬᠠᠷᠢᠴᠠᠭ᠎ᠠ᠎ᠶᠢ ᠵᠥᠪ ᠡᠵᠡᠮᠰᠢᠨ᠎ᠡ᠃ ᠠᠵᠤ ᠠᠬᠤᠢ ᠨᠡᠢᠭᠡᠮ᠎ᠦᠨ ᠬᠥᠭᠵᠢᠯᠲᠡ ᠨᠢ ᠦᠨᠳᠦᠰᠦᠲᠡᠨ᠎ᠦ ᠪᠦᠯᠬᠦᠮᠳᠡᠯ᠎ᠢ ᠠᠶᠠᠨ᠎ᠳᠠᠭᠠᠨ ᠪᠤᠢ ᠪᠣᠯᠭᠠᠬᠤ ᠪᠢᠰᠢ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠠᠶᠠᠨ᠎ᠳᠠᠭᠠᠨ ᠪᠤᠢ ᠪᠣᠯᠭᠠᠬᠤ ᠪᠢᠰᠢ ᠶᠤᠮ᠃ ᠬᠡᠷᠪᠡ ᠣᠨᠴᠠᠭᠠᠶ ᠴᠢᠨᠠᠷ ᠪᠠ ᠵᠥᠷᠢᠶᠡᠲᠦ ᠴᠢᠨᠠᠷ᠎ᠢ ᠵᠣᠬᠢᠰ ᠦᠭᠡᠢ᠎ᠪᠡᠷ ᠴᠢᠬᠤᠯᠠᠴᠢᠯᠠᠵᠤ᠂ ᠢᠪᠴᠤᠤ ᠴᠢᠨᠠᠭᠰᠢᠯᠠᠪᠠᠯ ᠬᠡᠲᠦᠷᠡᠮᠡᠬᠡᠢ ᠦᠨᠳᠦᠰᠦᠲᠡᠨ᠎ᠦ ᠦᠵᠡᠯ᠎ᠢ ᠪᠤᠢ ᠪᠣᠯᠭᠠᠬᠤ᠎ᠳᠤ ᠬᠦᠷᠪᠡᠯ᠂ ᠭᠡᠳᠡᠰᠦ ᠴᠠᠳᠬᠤᠯᠠᠩ ᠪᠣᠯᠬᠤ ᠲᠤᠳᠤᠮ᠎ᠢᠶᠠᠨ᠂ ᠲᠥᠪ᠎ᠡᠴᠡ ᠵᠠᠢᠳᠠᠬᠤ ᠬᠡᠯᠪᠡᠷᠢᠯ ᠨᠢ ᠤᠯᠠᠮ ᠴᠢᠩᠭᠠᠷᠠᠵᠤ ᠮᠡᠳᠡᠨ᠎ᠠ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠪᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ ᠲᠠᠢ ᠪᠣᠯᠭᠠᠵᠤ᠂ ᠤᠯᠤᠰ᠎ᠤᠨ ᠨᠢᠭᠡᠳᠦᠯ᠎ᠢ ᠬᠠᠮᠠᠭᠠᠯᠠᠬᠤ᠎ᠪᠠᠷ᠂ ᠬᠠᠭᠠᠴᠠᠭᠤᠯᠬᠤ᠎ᠶᠢ ᠡᠰᠡᠷᠭᠦᠴᠡᠬᠦ ᠠᠴᠢ ᠬᠣᠯᠪᠣᠭᠳᠠᠯ ᠲᠠᠢ ᠪᠣᠯᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ ᠠᠴᠢ ᠬᠣᠯᠪᠣᠭᠳᠠᠯ ᠲᠠᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠡᠪᠳᠡᠷᠡᠰᠢ ᠦᠭᠡᠢ ᠪᠠᠲᠤ ᠪᠡᠬᠢ ᠪᠣᠯᠭᠠᠨ᠎ᠠ᠃