ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠬᠢᠨᠠᠨ ᠵᠦᠪᠰᠢᠶᠡᠷᠡᠭᠦᠯᠬᠦ᠎ᠪᠠᠷ ᠳᠡᠪᠱᠢᠭᠦᠯᠪᠡ᠂ ᠡᠨᠡ ᠪᠣᠯ ᠮᠠᠨ᠎ᠤ ᠤᠯᠤᠰ᠎ᠤᠨ 《ᠬᠠᠤᠯᠢ᠎ᠶ᠋ᠢᠨ ᠪᠢᠴᠢᠭ》᠎ᠢᠶᠡᠷ ᠨᠡᠷᠡᠢᠳᠦᠭ᠌ᠰᠡᠨ ᠬᠣᠶᠠᠳᠤᠭᠠᠷ ᠬᠠᠤᠯᠢ ᠴᠠᠭᠠᠵᠠ ᠪᠤᠯᠤᠨ᠎ᠠ᠃
ᠡᠨᠡ ᠬᠦ᠌ ᠬᠦᠨᠳᠦ ᠴᠢᠬᠤᠯᠠ ᠬᠠᠤᠯᠢ᠎ᠶ᠋ᠢᠨ ᠪᠢᠴᠢᠭ᠎ᠦᠨ ᠲᠥᠰᠦᠯ ᠨᠢ ᠰᠢ᠎ᠵᠢᠨ᠎ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠬᠠᠤᠯᠢ᠎ᠪᠠᠷ ᠵᠠᠰᠠᠬᠤ᠎ᠪᠠᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠬᠠᠮᠠᠭᠠᠯᠠᠪᠠ᠃ ᠬᠠᠤᠯᠢ᠎ᠶ᠋ᠢᠨ ᠪᠢᠴᠢᠭ᠎ᠦᠨ ᠲᠥᠰᠦᠯ᠎ᠢ ᠰᠤᠳᠤᠯᠤᠨ ᠤᠩᠱᠢᠬᠤ᠎ᠳᠤ᠂ ᠪᠢᠳᠡ ᠶᠡᠷᠦᠩᠬᠡᠢ ᠱᠦᠵᠢ ᠰᠢ᠎ᠵᠢᠨ᠎ᠫᠢᠩ᠎ᠦᠨ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠠᠮᠢ ᠠᠬᠤᠢ᠎ᠶ᠋ᠢᠨ ᠲᠤᠬᠠᠢ ᠬᠠᠯᠠᠮᠵᠢᠯᠠᠯ᠎ᠢ ᠣᠢᠯᠠᠭᠠᠬᠤ ᠶᠤᠮ᠃
《ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠲᠤᠪᠴᠢᠯᠠᠯ》᠎ᠢ᠋ ᠲᠤᠰᠠᠭᠠᠷ ᠭᠠᠷᠭᠠᠵᠤ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠦᠷᠢᠮ ᠲᠣᠭ᠍ᠲᠡᠴᠡ᠎ᠳᠤ ᠲᠣᠭ᠍ᠲᠠᠭᠠᠯ ᠭᠠᠷᠭᠠᠵᠤ᠂ ᠬᠠᠷ᠎ᠠ ᠬᠥᠷᠥᠰᠥᠲᠦ ᠭᠠᠵᠠᠷ ᠱᠢᠷᠣᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠢ᠎ᠡ ᠪᠠᠭᠠᠰᠭᠤ ᠦᠭᠡᠢ᠂ ᠶᠠᠰᠤ ᠴᠢᠨᠠᠷ ᠳᠡᠭᠡᠭ᠌ᠰᠢᠯᠡᠯᠲᠡ ᠲᠠᠢ᠂ ᠠᠮᠢ ᠠᠬᠤᠢ᠎ᠶ᠋ᠢᠨ ᠴᠢᠳᠠᠮᠵᠢ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ ᠁ ᠬᠠᠤᠯᠢ᠎ᠶ᠋ᠢᠨ ᠪᠢᠴᠢᠭ᠎ᠦᠨ ᠲᠥᠰᠦᠯ᠎ᠢ ᠤᠷᠪᠠᠭᠤᠯᠵᠤ ᠦᠵᠡᠪᠡᠯ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠤᠯᠠᠨᠳᠠ ᠲᠤᠷᠠᠳᠤᠭᠳᠠᠵᠤ᠂ 《ᠬᠥᠭ᠌ᠵᠢᠭᠦᠯᠬᠦ᠌ ᠳᠤᠮᠳᠠ ᠬᠠᠮᠠᠭᠠᠯᠠᠬᠤ᠂ ᠬᠠᠮᠠᠭᠠᠯᠠᠬᠤ ᠳᠤᠮᠳᠠ ᠬᠥᠭ᠌ᠵᠢᠭᠦᠯᠬᠦ᠌》᠎ᠶᠢᠨ ᠲᠤᠬᠠᠢ ᠭᠦᠨᠵᠡᠭᠡᠢ ᠣᠢᠯᠠᠭᠠᠯᠲᠠ᠎ᠶ᠋ᠢ ᠢᠯᠡᠷᠡᠭᠦᠯᠪᠡ᠃
ᠬᠠᠮᠠᠭᠠᠯᠠᠬᠤ ᠪᠠ ᠬᠥᠭ᠌ᠵᠢᠭᠦᠯᠬᠦ᠌᠎ᠶ᠋ᠢᠨ ᠬᠤᠪᠢᠰᠤᠩᠭᠤᠢ ᠬᠠᠷᠢᠴᠠᠭᠠᠨ᠎ᠤ ᠲᠤᠬᠠᠢ ᠶᠡᠷᠦᠩᠬᠡᠢ ᠱᠦᠵᠢ ᠰᠢ᠎ᠵᠢᠨ᠎ᠫᠢᠩ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ ᠤᠯᠠᠨ ᠤᠳᠠᠭ᠎ᠠ ᠨᠠᠷᠢᠨ ᠲᠣᠳᠣᠷᠬᠠᠢ ᠥᠭᠦᠯᠡᠪᠡ᠃
2014 ᠣᠨ᠎ᠳᠤ ᠭᠦᠢᠵᠧᠦ᠍᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ ᠭᠦᠢᠵᠧᠦ᠍᠎ᠶ᠋ᠢᠨ ᠬᠠᠢᠷ ᠴᠢᠯᠠᠭᠤᠵᠢᠭᠰᠠᠨᠢ ᠵᠠᠰᠠᠭ᠍ᠰᠠᠨ᠂ ᠬᠣᠴᠣᠷᠤᠩᠭᠤᠢ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠠᠶᠠᠭᠳᠠᠭᠰᠠᠠ ᠵᠡᠷᠭᠡ ᠪᠠᠢᠳᠠᠯ᠎ᠢ ᠨᠠᠷᠢᠨ ᠯᠠᠪᠯᠠᠨ ᠠᠰᠠᠭᠤᠵᠤ᠄ 《ᠨᠤᠮᠢᠨ ᠤᠰᠤ ᠬᠥᠬᠡᠮᠳᠦᠭ ᠠᠭᠤᠯᠠ ᠪᠤᠯᠤᠨ ᠠᠯᠳᠠᠠ ᠠᠭᠤᠯᠠ ᠮᠥᠩᠭᠥᠨ ᠬᠠᠢᠷᠬᠠᠨ ᠶᠠᠭᠠᠬᠢᠭ᠍ᠰᠠᠨ ᠴᠤ᠌ ᠡᠰᠡᠷᠭᠦᠴᠡᠯᠳᠦᠬᠦ᠌ ᠦᠭᠡᠢ ᠶᠤᠮ᠂ ᠵᠠᠩᠭᠢᠯᠠᠭ᠎ᠠ ᠨᠢ ᠬᠥᠮᠦᠨ᠎ᠳᠦ ᠪᠠᠢᠨ᠎ᠠ᠂ ᠵᠠᠩᠭᠢᠯᠠᠭ᠎ᠠ ᠨᠢ ᠰᠡᠳᠭᠢᠴᠡ᠎ᠳᠦ ᠪᠠᠢᠨ᠎ᠠ᠃ ᠠᠮᠢ ᠠᠬᠤᠢ ᠣᠷᠴᠢᠨ ᠲᠤᠭᠤᠷᠢᠨ᠎ᠢ ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ᠎ᠦᠨ ᠬᠦᠴᠦᠨ᠎ᠢ ᠬᠠᠮᠠᠭᠠᠯᠠᠵᠤ ᠪᠠᠢᠭ᠎ᠠ ᠶᠠᠪᠤᠳᠠᠯ ᠮᠥᠨ᠂ ᠠᠮᠢ ᠠᠬᠤᠢ ᠣᠷᠴᠢᠨ ᠲᠤᠭᠤᠷᠢᠨ᠎ᠢ ᠰᠠᠢᠵᠢᠷᠠᠭᠤᠯᠬᠤ ᠪᠣᠯ ᠳᠠᠷᠤᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍ ᠪᠠᠢᠭ᠎ᠠ ᠶᠠᠪᠤᠳᠠᠯ ᠮᠥᠨ》 ᠭᠡᠵᠦ ᠵᠢᠭᠠᠵᠤ ᠭᠠᠷᠭᠠᠪᠠ᠃
ᠦᠨᠭ᠌ᠭᠡᠨ ᠲᠠᠯ᠎ᠠ᠎ᠡᠴᠡ ᠨᠢ ᠦᠵᠡᠬᠦ᠎ᠳᠤ᠂ ᠠᠮᠢ ᠠᠬᠤᠢ ᠣᠷᠴᠢᠨ ᠲᠤᠭᠤᠷᠢᠨ᠎ᠢ ᠬᠠᠮᠠᠭᠠᠯᠠᠬᠤ ᠪᠠ ᠠᠵᠤ ᠠᠬᠤᠢ᠎ᠶ᠋ᠢ ᠬᠥᠭ᠌ᠵᠢᠭᠦᠯᠬᠦ᠎ᠳᠤ ᠵᠣᠬᠢᠬᠤ ᠵᠥᠷᠢᠴᠡᠯ ᠣᠷᠣᠱᠢᠵᠤ ᠪᠤᠢ᠂ ᠭᠡᠪᠡᠴᠦ᠍ ᠦᠨᠳᠦᠰᠦᠨ᠎ᠡᠴᠡ ᠨᠢ ᠠᠪᠴᠤ᠌ ᠬᠡᠯᠡᠪᠡᠯ᠂ ᠬᠣᠶᠠᠭᠤᠯᠠ᠎ᠪᠠᠨ ᠣᠷᠭᠠᠨᠢᠭ᠎ᠢᠶᠠᠷ ᠨᠢᠭᠡᠳᠴᠦ᠍᠂ ᠬᠠᠷᠢᠯᠴᠠᠨ ᠨᠥᠬᠥᠴᠡᠯᠳᠦᠵᠦ᠍ ᠪᠠᠢᠳᠠᠭ᠃
2018 ᠣᠨ᠎ᠡᠴᠡ 2022 ᠣᠨ ᠪᠣᠯᠲᠠᠯ᠎ᠠ᠂ ᠶᠡᠷᠦᠩᠬᠡᠶ ᠱᠦᠵᠢ ᠰᠢ᠎ᠵᠢᠨ᠎ᠫᠢᠩ ᠵᠠᠯᠭᠠᠭ᠎ᠠ᠎ᠪᠠᠷ 5 ᠤᠳᠠᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠥᠪᠥᠷ ᠮᠣᠩᠭᠣᠯ᠎ᠳᠤ᠄ 《 〈ᠨᠤᠤᠰᠤ ᠨᠤᠤᠯᠤᠭᠤᠷ᠂ ᠨᠡᠭᠦᠷᠡᠰᠦ᠂ ᠬᠤᠪᠤᠷ ᠱᠢᠷᠣᠶ᠂ ᠱᠢᠲᠠᠮᠠᠬᠠᠶ ᠬᠡᠶ〉᠎ᠶᠢ ᠯᠡ ᠠᠩᠬᠠᠷᠴᠤ᠌ ᠪᠣᠯᠬᠤ ᠥᠬᠡᠶ᠂ ᠱᠢᠨ᠎ᠡ ᠠᠵᠤ ᠦᠶ᠋ᠯᠡᠰ᠂ ᠱᠢᠨ᠎ᠡ ᠬᠥᠳᠡᠯᠭᠡᠬᠦ᠌ ᠡᠨᠧᠷᠭᠢ᠂ ᠱᠢᠨ᠎ᠡ ᠨᠡᠮᠡᠭ᠌ᠳᠡᠯ᠎ᠦᠨ ᠲᠤᠢᠯ᠎ᠢ ᠶᠡᠬᠡᠪᠡᠷ ᠪᠣᠢᠵᠢᠭᠤᠯᠬᠤ ᠬᠡᠷᠡᠭ᠌ᠲᠡᠶ》᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠴᠢᠷᠮᠠᠢᠨ ᠰᠦᠪᠡᠭ᠌ᠴᠢᠯᠡᠵᠦ᠍ ᠭᠠᠷᠭᠠᠬᠤ ᠬᠡᠷᠡᠭ᠌ᠲᠡᠶ》 ᠭᠡᠵᠦ᠍ ᠵᠠᠬᠢᠪᠠ᠃
《ᠨᠤᠮᠢᠨ ᠤᠰᠤ ᠬᠥᠬᠡᠮᠳᠦᠭ ᠠᠭᠤᠯᠠ》᠎ᠶ᠋ᠢ ᠰᠠᠢᠲᠤᠷ ᠬᠠᠮᠠᠭᠠᠯᠠᠬᠤ᠎ᠳᠤ ᠱᠢᠰᠲᠸᠮ᠎ᠤᠨ ᠦᠵᠡᠯᠲᠡ᠎ᠡᠴᠡ ᠰᠠᠯᠵᠤ ᠴᠢᠳᠠᠬᠤ ᠦᠭᠡᠢ᠃
2021 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠵᠢᠨ᠎ᠫᠢᠩ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠲᠤᠬᠠᠢ ᠶᠠᠷᠢᠬᠤ᠎ᠳᠠᠭᠠᠨ᠄ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶ᠋ᠢ ᠱᠢᠰᠲ᠋ᠧᠮ ᠲᠡᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠬᠦ᠌᠎ᠳᠦ 〈ᠡᠯᠡᠰᠦ〉᠎ᠶ᠋ᠢ ᠨᠡᠮᠡᠵᠦ ᠤᠷᠤᠭᠤᠯᠬᠤ ᠬᠡᠷᠡᠭ᠌ᠲᠡᠢ》 ᠭᠡᠵᠦ ᠳᠤᠷᠠᠳᠪᠠ᠃
《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠪᠣᠯ ᠨᠢᠭᠡᠨ ᠠᠮᠢ ᠨᠠᠰᠤᠨ᠎ᠤ ᠬᠠᠮᠲᠤ᠎ᠶ᠋ᠢᠨ ᠴᠣᠭ᠍ᠴᠠ ᠮᠥᠨ》 ᠭᠡᠵᠦ᠍ ᠳᠤᠷᠠᠳᠤᠭ᠍ᠰᠠᠨ᠎ᠡᠴᠡ ᠬᠤᠵᠢᠮ ᠨᠢ 《ᠨᠤᠲᠤᠭ ᠪᠡᠯᠴᠢᠭᠡᠷ》᠂ 《ᠡᠯᠡᠰᠦ》᠎ᠶᠢ ᠱᠢᠰᠲᠸᠮ᠎ᠳᠦ ᠣᠷᠣᠭᠤᠯᠤᠭᠰᠠᠨ ᠬᠦᠷᠲᠡᠯ᠎ᠡ᠂ ᠱᠢᠰᠲᠸᠮ ᠲᠠᠢ ᠵᠠᠰᠠᠬᠤ ᠣᠢᠯᠠᠭᠠᠭ᠍ᠳᠠᠬᠤᠨ ᠠᠯᠬᠤᠮ ᠠᠯᠬᠤᠮ᠎ᠢᠶᠠᠷ ᠥᠷᠭᠡᠵᠢᠨ ᠭᠦᠨᠵᠡᠭᠡᠢᠷᠡᠪᠡ᠃
ᠡᠢᠮᠦᠷᠬᠦᠦ ᠠᠮᠢ ᠠᠬᠤᠢ᠎ᠶ᠋ᠢᠨ ᠵᠠᠰᠠᠯᠲᠠ᠎ᠶ᠋ᠢᠨ ᠱᠢᠰᠲ᠋ᠧᠮᠲᠦ ᠰᠡᠳᠭᠢᠬᠦᠢ ᠨᠢ ᠬᠠᠤᠯᠢ᠎ᠶ᠋ᠢᠨ ᠪᠢᠴᠢᠭ᠎ᠦᠨ ᠲᠥᠰᠦᠯ᠎ᠳᠦ ᠭᠦᠢᠴᠡᠳ ᠢᠯᠡᠷᠡᠪᠡ᠄ ᠤᠢ ᠱᠢᠭᠤᠢ᠎ᠶ᠋ᠢᠨ ᠬᠠᠤᠯᠢ᠂ ᠨᠤᠲᠤᠭ ᠪᠡᠯᠴᠢᠭᠡᠷ᠎ᠦᠨ ᠬᠠᠤᠯᠢ ᠵᠡᠷᠭᠡ ᠬᠠᠤᠯᠢ ᠴᠠᠭᠠᠵᠠ᠎ᠳᠠᠬᠢ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠲᠤᠬᠠᠢ ᠲᠣᠭ᠍ᠲᠠᠭᠠᠯ᠎ᠢ ᠨᠢᠭᠡ ᠪᠦᠯᠦᠭ ᠪᠣᠯᠭᠠᠪᠠ; 《ᠴᠢᠬᠤᠯᠠ ᠭᠠᠵᠠᠷ ᠵᠦᠢ᠎ᠶ᠋ᠢᠨ ᠨᠢᠭᠡᠴᠢ᠎ᠶ᠋ᠢᠨ ᠬᠠᠮᠠᠭᠠᠯᠠᠯᠲᠠ》 ᠭᠡᠬᠦ᠌ ᠪᠦᠯᠦᠭ᠎ᠢ ᠲᠤᠰᠭᠠᠢᠯᠠᠨ ᠲᠤᠬᠢᠷᠠᠭᠤᠯᠵᠤ᠂ ᠴᠢᠬᠤᠯᠠ ᠰᠠᠪᠠ ᠭᠠᠵᠠᠷ ᠣᠷᠣᠨ ᠪᠦᠰᠡ᠎ᠶ᠋ᠢᠨ ᠪᠦᠬᠦᠯᠢ ᠴᠣᠭ᠍ᠴᠠ᠎ᠶ᠋ᠢᠨ ᠴᠢᠨᠠᠷᠲᠠᠢ ᠬᠠᠮᠠᠭᠠᠯᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ ᠁ ᠬᠠᠤᠯᠢ᠎ᠶ᠋ᠢᠨ ᠪᠢᠴᠢᠭ᠎ᠦᠨ ᠲᠥᠰᠦᠯ ᠨᠢ ᠥᠩᠭᠡᠷᠡᠭ᠌ᠰᠡᠨ᠎ᠦ ᠲᠠᠩ ᠭᠠᠭ᠍ᠴᠠ ᠠᠮᠢ ᠠᠬᠤᠢ᠎ᠶ᠋ᠢᠨ ᠡᠯᠧᠮᠧᠨ᠋ᠲ᠎ᠢᠶᠡᠷ ᠬᠠᠮᠠᠭᠠᠯᠠᠬᠤ ᠬᠠᠷᠠᠯᠲᠠ ᠪᠣᠯᠭᠠᠭ᠍ᠰᠠᠨ ᠬᠠᠤᠯᠢ ᠲᠣᠭ᠍ᠲᠠᠭᠠᠬᠤ ᠰᠡᠳᠭᠢᠴᠡ᠎ᠶ᠋ᠢ ᠬᠤᠪᠢᠷᠠᠭᠤᠯᠵᠤ᠂ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠢ ᠵᠠᠰᠠᠬᠤ᠎ᠶ᠋ᠢ ᠲᠤᠪᠤᠢ᠌ᠯᠭᠠᠪᠠ᠃
ᠬᠦᠬᠡ ᠣᠭ᠍ᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ᠍ ᠨᠢ ᠠᠷᠠᠳ ᠲᠦᠮᠡᠨ᠎ᠦ ᠵᠢᠷᠭᠠᠯᠲᠦ ᠲᠦᠷᠦᠭᠳᠡᠯ ᠲᠠᠢ ᠨᠢᠭ᠍ᠲᠠ ᠬᠣᠯᠪᠣᠭ᠎ᠠ ᠲᠠᠢ ᠶᠤᠮ᠃
2014 ᠣᠨ᠎ᠳᠤ ᠭᠤᠸᠠᠩᠳᠦ᠋ᠩ᠎ᠦᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠶᠡᠷᠦᠩᠬᠡᠶ ᠱᠦᠵᠢ ᠰᠢ᠎ᠵᠢᠨ᠎ᠫᠢᠩ ᠵᠦᠵᠢᠶᠠᠩ ᠮᠥᠷᠡᠨ᠎ᠦ ᠭᠤᠷᠪᠠᠯᠵᠢᠨ ᠬᠣᠢᠭ᠎ᠤᠨ PM2.5᠂ ᠭᠤᠸᠠᠩᠵᠧᠦ ᠬᠣᠲᠠ᠎ᠶ᠋ᠢᠨ ᠮᠠᠱᠢᠨᠲᠤ ᠲᠡᠷᠭᠡ᠎ᠶᠢᠨ ᠶᠠᠪᠤᠬᠤ ᠪᠠ ᠬᠤᠳᠠᠯᠳᠤᠨ ᠠᠪᠬᠤ᠎ᠶ᠋ᠢ ᠬᠢᠵᠠᠭᠠᠷᠯᠠᠬᠤ᠂ ᠳ᠋ᠦᠩᠵᠢᠶᠠᠩ ᠮᠥᠷᠡᠨ᠎ᠦ ᠤᠰᠤᠨ᠎ᠤ ᠴᠢᠨᠠᠷ ᠵᠡᠷᠭᠡ ᠪᠠᠢᠳᠠᠯ᠎ᠢ ᠵᠠᠯᠭᠠᠭ᠎ᠠ᠎ᠪᠠᠷ ᠯᠠᠪᠯᠠᠨ ᠠᠰᠠᠭᠤᠪᠠ; 2019 ᠣᠨ᠎ᠤ ᠡᠾᠧᠨᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ᠂ ᠵᠧᠩᠵᠧᠦ᠍ᠶ᠋ᠢᠨ ᠠᠭᠤᠷ ᠠᠮᠢᠰᠭᠤᠯ᠎ᠤᠨ ᠶᠠᠰᠤ ᠴᠢᠨᠠᠷ ᠮᠠᠰᠢ ᠶᠡᠬᠡ ᠰᠠᠢᠵᠢᠷᠠᠯᠲᠠ ᠲᠠᠢ ᠪᠣᠯᠤᠭ᠍ᠰᠠᠨ᠎ᠢ ᠰᠣᠨᠣᠰᠤᠭᠠᠳ᠂ ᠶᠡᠷᠦᠩᠬᠡᠢ ᠱᠦᠵᠢ 《ᠬᠣᠢᠲᠤᠬᠢ ᠬᠦᠮᠦᠰ᠎ᠤᠨ ᠳᠠᠪᠰᠢᠯᠲᠠ ᠰᠠᠢᠨ ᠪᠠᠢᠨ᠎ᠠ》 ᠭᠡᠵᠦ᠍ ᠮᠠᠭ᠍ᠲᠠᠨ ᠰᠠᠢᠱᠢᠶᠠᠪᠠ; 2023 ᠣᠨ᠎ᠳᠤ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠶᠡᠷᠦᠩᠬᠡᠢ ᠱᠦᠵᠢ ᠲᠡᠢ ᠬ᠍ᠤ ᠨᠠᠭᠤᠷ᠎ᠤᠨ ᠵᠠᠰᠠᠯᠲᠠ᠎ᠶ᠋ᠢ ᠬᠠᠯᠠᠮᠵᠢᠯᠠᠵᠤ᠄ 《ᠲᠠᠢ ᠬ᠍ᠤ ᠨᠠᠭᠤᠷ᠎ᠤᠨ ᠪᠠᠢᠳᠠᠯ ᠵᠦᠭᠡᠷ ᠱᠢᠭ ᠪᠣᠯᠤᠭ᠍ᠰᠠᠨ ᠤᠤ?》᠂ 《ᠬᠥᠬᠡ ᠵᠠᠮᠠᠭ ᠦᠭᠡᠢ ᠪᠣᠯᠤᠭ᠍ᠰᠠᠨ ᠪᠢᠵᠡ?》 ᠭᠡᠪᠡ᠃
《ᠣᠷᠴᠢᠨ ᠲᠣᠭᠣᠷᠢᠨ ᠪᠣᠯ ᠠᠷᠠᠳ᠎ᠤᠨ ᠠᠮᠢᠳᠤᠷᠠᠯ》 ᠭᠡᠬᠦ᠌ ᠳᠠᠭᠤᠨ ᠤᠳᠠᠲᠠᠯ᠎ᠠ ᠴᠤᠤᠷᠢᠶᠠᠲᠤᠪᠠ᠄ 《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠣᠯ ᠠᠷᠠᠳ ᠲᠦᠮᠡᠨ᠎ᠳᠦ ᠪᠤᠶᠠᠨ ᠦᠢᠯᠡᠳᠬᠦ᠌ ᠵᠠᠭᠤᠨ ᠵᠢᠯ᠎ᠦᠨ ᠶᠡᠬᠡ ᠪᠤᠳᠤᠯᠭ᠎ᠠ ᠮᠥᠨ》᠂ 《ᠦᠷ᠎ᠡ ᠬᠣᠢᠴᠢᠰ᠎ᠲᠠᠭᠠᠨ ᠲᠩᠷᠢ ᠨᠢ ᠴᠡᠯᠮᠡᠭ᠂ ᠭᠠᠵᠠᠷ ᠨᠢ ᠴᠡᠯᠡᠬᠡᠷ᠂ ᠤᠰᠤ ᠨᠢ ᠲᠤᠩᠭᠠᠯᠠᠭ ᠰᠠᠢ᠌ᠨ ᠰᠠᠢᠬᠠᠨ ᠭᠡᠷ ᠣᠷᠣᠨ᠎ᠢ ᠦᠯᠡᠳᠡᠭᠡᠵᠦ᠍ ᠥᠭ᠌ᠬᠦ ᠬᠡᠷᠡᠭ᠌ᠲᠡᠢ》 ᠁
2024 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠳᠤ᠂ ᠶᠡᠷᠦᠩᠬᠡᠢ ᠱᠦᠵᠢ ᠰᠢ᠎ᠵᠢᠨ᠎ᠫᠢᠩ ᠠᠩᠬ᠎ᠠ ᠤᠳᠠᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠨᠡᠮᠡᠵᠦ᠍ ᠪᠠᠢᠭᠤᠯᠤᠭ᠍ᠰᠠᠨ ᠱᠢᠨ᠎ᠡ ᠡᠲᠡᠭᠡᠳ ᠢᠯᠭᠠᠯ ᠪᠤᠯᠬᠤ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠤᠨ ᠲᠤᠭᠤᠢᠯᠠᠩ᠎ᠳᠤ ᠬᠦᠷᠴᠦ᠍᠂ ᠪᠡᠭᠡᠵᠢᠩ᠎ᠦᠨ ᠴᠡᠯᠮᠡᠭ ᠣᠭ᠍ᠲᠠᠷᠭᠤᠢ᠎ᠶ᠋ᠢᠨ ᠲᠤᠬᠠᠢ ᠦᠯᠢᠭᠡᠷ᠎ᠢ ᠶᠠᠷᠢᠪᠠ᠃
2014 ᠣᠨ᠎ᠳᠤ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ (APEC)᠎ᠶᠢᠨ ᠬᠣᠷᠢᠨ ᠬᠣᠶᠠᠳᠤᠭᠠᠷ ᠤᠳᠠᠭ᠎ᠠ᠎ᠶ᠋ᠢᠨ ᠤᠳᠤᠷᠢᠳᠭᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠪᠡᠭᠡᠵᠢᠩ᠎ᠳᠦ ᠬᠤᠷᠠᠯᠳᠤᠵᠤ᠂ ᠦᠵᠡᠰᠭᠦᠯᠡᠩᠲᠦ ᠰᠠᠢᠬᠠᠨ ᠴᠡᠯᠮᠡᠭ ᠣᠭ᠍ᠲᠠᠷᠭᠤᠢ ᠨᠢ ᠬᠥᠮᠦᠰ᠎ᠦᠨ ᠰᠡᠳᠭᠢᠯ᠎ᠢ ᠪᠠᠶᠠᠰᠭᠠᠪᠠ᠃ ᠲᠤᠬᠠᠶ᠎ᠶ᠋ᠢᠨ ᠦᠶ᠎ᠡ᠎ᠳᠦ᠂ ᠡᠨᠡ ᠪᠣᠯ《APEC ᠤᠨ ᠴᠡᠯᠮᠡᠭ ᠤᠭᠲᠠᠷᠭᠤᠢ》᠂ 《ᠤᠳᠠᠭᠠᠨ ᠦᠷᠭᠦᠯᠵᠢᠯᠡᠵᠦ᠍ ᠲᠠᠢᠯᠤᠨ᠎ᠠ ᠦᠦ?》 ᠭᠡᠵᠦ᠍ ᠵᠠᠷᠢᠮ ᠬᠥᠮᠦᠨ ᠠᠰᠠᠭᠤᠵᠤ ᠪᠠᠢᠪᠠ᠂ 《ᠪᠢ ᠲᠡᠳᠡᠨ᠎ᠳᠦ᠂ ᠡᠨᠡᠪᠤᠯ ᠣᠬᠣᠷᠬᠠᠨ ᠬᠤᠭᠤᠴᠠᠭᠠᠨ᠎ᠤ ᠴᠡᠯᠮᠡᠭ ᠣᠭ᠍ᠲᠠᠷᠭᠤᠶ ᠪᠢᠰᠢ᠂ ᠬᠡᠳᠦᠨ ᠵᠢᠯ᠎ᠦᠨ ᠳᠠᠷᠠᠭ᠎ᠠ ᠲᠡᠷᠡ᠎ᠨᠢ ᠡᠭᠦᠷᠢᠳᠡ᠎ᠶ᠋ᠢᠨ ᠴᠡᠯᠮᠡᠭ ᠣᠭ᠍ᠲᠠᠷᠭᠤᠶ ᠪᠣᠯᠤᠨ᠎ᠠ ᠭᠡᠵᠦ ᠬᠠᠷᠢᠭᠤᠯᠪᠠ》᠃ ᠲᠤᠬᠠᠢ᠎ᠶ᠋ᠢᠨ ᠵᠢᠯ᠎ᠦᠨ ᠡᠨᠡ ᠬᠦ᠌ ᠨᠠᠷᠢᠨ ᠵᠦᠢᠯᠡᠰ᠎ᠢ ᠶᠠᠷᠢᠬᠤ᠎ᠳᠤ ᠶᠡᠷᠦᠩᠬᠡᠢ ᠱᠦᠵᠢ ᠰᠢ᠎ᠵᠢᠨ᠎ᠫᠢᠩ᠎ᠤᠨ ᠦᠬᠡ ᠨᠢ ᠡᠷᠡᠰ ᠪᠠᠲᠤ ᠪᠠᠢᠯ᠎ᠠ᠃
ᠴᠠᠭ ᠮᠥᠴᠡ ᠨᠢᠰᠭᠦ ᠮᠡᠲᠦ ᠲᠦᠷᠭᠡᠨ ᠥᠩᠭᠡᠷᠡᠵᠦ᠍᠂ 《APEC ᠤᠨ ᠴᠡᠯᠮᠡᠭ ᠤᠭᠲᠠᠷᠭᠤᠢ》 ᠨᠢ ᠨᠢᠭᠡᠨᠲᠡ ᠠᠷᠠᠳ᠎ᠤᠨ ᠠᠮᠢᠳᠤᠷᠠᠯ᠎ᠤᠨ ᠬᠡᠪ᠎ᠦᠨ ᠪᠠᠢᠳᠠᠯ ᠪᠣᠯᠪᠠ᠃ 2024 ᠣᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠮᠲᠤᠷᠠᠭ᠍ᠰᠠᠨ ᠳᠤᠭᠤᠢᠯᠠᠩ᠎ᠤᠨ ᠬᠤᠷᠠᠯ ᠳᠡᠭᠡᠷ᠎ᠡ᠂ ᠵᠠᠷᠢᠮ ᠭᠡᠱᠢᠭᠦᠨ ᠦᠭᠡ ᠬᠡᠯᠡᠬᠦᠳ᠋ᠡᠬᠡᠨ ᠱᠢᠨ᠎ᠡ ᠪᠣᠬᠢᠷᠲᠤᠯ ᠪᠣᠳᠠᠰ᠎ᠤᠨ ᠲᠤᠬᠠᠢ ᠰᠠᠨᠠᠭᠠᠱᠢᠷᠠᠯ᠎ᠢᠶᠠᠨ ᠢᠯᠡᠳᠭᠡᠭ᠌ᠰᠡᠨᠢ ᠰᠣᠨᠣᠰᠤᠭᠠᠳ᠂ ᠶᠡᠷᠦᠩᠬᠡᠢ ᠱᠦᠵᠢ ᠰᠢ᠎ᠵᠢᠨ᠎ᠫᠢᠩ᠄ 《ᠬᠥᠮᠦᠨ ᠬᠤᠯᠠ᠎ᠶ᠋ᠢᠨ ᠪᠤᠳᠤᠯᠭ᠎ᠠ ᠦᠭᠡᠢ ᠪᠣᠯ ᠤᠢ᠍ᠢᠷ᠎ᠠ᠎ᠶ᠋ᠢᠨ ᠵᠣᠪᠠᠨᠢᠯ ᠲᠠᠢ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠭᠦᠷᠭᠡ ᠬᠦᠨᠳᠦ ᠵᠠᠮ ᠬᠤᠯᠠ ᠪᠠᠢᠨ᠎ᠠ᠂ ᠪᠠᠰᠠ ᠦᠷᠭᠦᠯᠵᠢᠯᠡᠨ ᠰᠠᠢᠲᠤᠷ ᠠᠳᠭᠤᠬᠤ ᠬᠡᠷᠡᠭ᠌ᠲᠡᠢ》 ᠭᠡᠵᠦ ᠭᠦᠨ᠎ᠡ ᠵᠠᠬᠢᠪᠠ᠃
ᠱᠢᠨ᠎ᠡ ᠬᠦᠷᠢᠶᠡᠨ᠎ᠦ ᠪᠣᠬᠢᠷᠲᠤᠯ᠎ᠢ ᠰᠡᠷᠭᠡᠢᠯᠡᠨ ᠵᠠᠰᠠᠬᠤ ᠠᠰᠠᠭᠤᠳᠠᠯ᠎ᠳᠤ ᠴᠢᠭ᠌ᠯᠡᠬᠦᠯᠦᠯᠳᠤ ᠴᠢᠨᠠᠷᠲᠠᠢ ᠲᠦᠷᠢᠮ ᠲᠣᠭ᠍ᠲᠠᠭᠠᠯ ᠭᠠᠷᠭᠠᠵᠤ᠂ 《ᠨᠡᠢᠭᠡᠮ᠎ᠦᠨ ᠠᠮᠢᠳᠤᠷᠠᠯ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ》 ᠲᠤᠬᠠᠢ ᠲᠤᠰᠭᠠᠢ ᠪᠦᠯᠦᠭ᠎ᠢᠶᠡᠷ ᠲᠣᠭ᠍ᠲᠠᠭᠠᠵᠤ᠂ 《ᠭᠡᠷ᠎ᠦᠨ ᠡᠭᠦᠳᠡᠨ᠎ᠳᠡᠬᠢ》 ᠲᠤᠰ᠎ᠤᠨ ᠤᠳᠤᠭ᠎ᠠ᠂ ᠦᠮᠡᠬᠡᠢ ᠦᠨᠦᠷ᠎ᠦᠨ ᠠᠰᠠᠭᠤᠳᠠᠯ᠎ᠢ ᠱᠢᠢᠳᠪᠦᠷᠢᠯᠡᠪᠡ ᠁ ᠬᠠᠤᠯᠢ᠎ᠶ᠋ᠢᠨ ᠪᠢᠴᠢᠭ᠎ᠦᠨ ᠲᠥᠰᠦᠯ ᠨᠢ ᠠᠷᠠᠳ ᠤᠯᠠᠨ᠎ᠤ ᠲᠤᠰᠭᠠᠯ ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠲᠤ ᠬᠤᠭᠤᠴᠠᠭᠠᠨ᠎ᠤ ᠠᠯᠤᠰ ᠬᠡᠳᠤ᠎ᠶ᠋ᠢᠨ ᠪᠠᠢᠷᠢᠱᠢᠭᠤᠯᠤᠯᠲᠠ ᠬᠢᠵᠡᠢ᠃
ᠬᠠᠪᠤᠷ᠎ᠤᠨ ᠠᠭᠤᠷ ᠡᠷᠳᠡ ᠰᠠᠭᠠᠳᠠᠬᠤᠶᠠ᠂ ᠲᠤᠮᠳᠠᠳᠤ᠎ᠶᠢᠨ ᠡᠬᠡ ᠭᠠᠵᠠᠷ᠎ᠲᠤ ᠲᠦᠮᠡᠨ ᠵᠦᠢᠯ ᠱᠢᠨᠡᠳᠦᠨᠡ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠪᠠᠢᠭᠠᠯᠢᠡᠶᠡ ᠵᠣᠬᠢᠴᠠᠨᠭᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ᠃ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠬᠤ ᠪᠣᠯ ᠬᠠᠤᠯᠢ᠎ᠪᠡᠷ ᠵᠠᠰᠠᠬᠤ ᠳᠠᠪᠱᠢᠯᠲᠠ ᠮᠥᠨ᠂ ᠨᠠᠩ ᠴᠤ᠌ ᠠᠷᠠᠳ᠎ᠤᠨ ᠰᠡᠳᠭᠢᠯ᠎ᠦᠨ ᠴᠤᠭ᠍ᠯᠠᠷᠠᠯ ᠮᠥᠨ᠃ ᠬᠠᠤᠯᠢ᠎ᠪᠡᠷ ᠵᠠᠰᠠᠬᠤ ᠬᠠᠮᠠᠭᠠᠯᠠᠯᠲᠠ ᠳᠣᠣᠷ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠣᠬᠢᠷᠲᠤᠯ ᠦᠭᠡᠢ ᠡᠪᠬᠡᠮᠡᠯ ᠵᠢᠷᠤᠭ ᠨᠢ 《ᠬᠦᠰᠡᠯ ᠡᠷᠡᠮᠡᠯᠵᠡᠯ》᠎ᠠᠴᠠ 《ᠪᠣᠳᠠᠲᠤ ᠠᠬᠤᠢ》 ᠪᠣᠯᠬᠤ ᠨᠢ ᠯᠠᠪᠲᠠᠢ᠃
ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 9 ᠤ ᠴᠠᠬᠢᠯᠭᠠᠨ ᠮᠡᠳᠡᠭᠡ