ᠪᠥᠬᠥ᠌ ᠤᠯᠤᠰ ᠎ᠤᠨ ᠬᠣᠶᠠᠷ ᠬᠤᠷᠠᠯ 2026   -   ᠮᠡᠳᠡᠭᠡᠯᠡᠯ
ᠳ᠋ᠦ᠋ ᠬᠣᠶ ᠯᠢᠶᠠᠩ ᠲᠥᠯᠥᠭᠡᠯᠡᠭ᠌ᠴᠢ᠄ ᠰᠤᠷᠭᠠᠨ ᠬᠥᠮᠦᠵᠢᠯ᠎ᠦᠨ ᠲᠥᠪ ᠭᠤᠤᠯᠴᠢ ᠪᠤᠯᠤᠨ ᠶᠠᠰᠤ ᠴᠢᠨᠠᠷ᠎ᠤᠨ ᠵᠡᠷᠭᠡ᠎ᠪᠡᠷ ᠳᠡᠭᠡᠭ᠌ᠰᠢᠯᠡᠬᠦ᠌᠎ᠶ᠋ᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2026-03-11

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ 〈ᠠᠷᠪᠠᠨ ᠲᠠᠪᠤᠳᠤᠭᠠᠷ ᠲᠠᠪᠤᠨ ᠵᠢᠯ〉᠎ᠦᠨ ᠬᠤᠭᠤᠴᠠᠭᠠᠨ᠎ᠳᠡᠬᠢ ᠪᠦᠬᠦ᠌ ᠣᠷᠣᠨ᠎ᠤ ᠰᠤᠷᠭᠠᠨ ᠬᠥᠮᠦᠵᠢᠯ᠎ᠢ ᠴᠢᠨᠠᠷ ᠰᠠᠢᠲᠠᠢ ᠡᠬᠢᠯᠡᠭᠦᠯᠬᠦ᠌᠂ ᠥᠨᠳᠥᠷ ᠪᠠᠷᠢᠮᠵᠢᠶ᠎ᠠ᠎ᠪᠠᠷ ᠡᠬᠢᠯᠡᠭᠦᠯᠬᠦ᠌᠂ ᠥᠨᠳᠥᠷ ᠪᠦᠲᠦᠮᠵᠢᠲᠡᠢ᠎ᠪᠡᠷ ᠠᠬᠢᠭᠤᠯᠬᠤ᠎ᠳᠤ ᠠᠵᠢᠯᠯᠠᠭᠠᠨ᠎ᠤ ᠵᠦᠭ᠌ᠯᠡᠭᠦᠷ ᠬᠠᠩᠭᠠᠪᠠ》 ᠬᠡᠵᠦ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ ᠬᠡᠯᠡᠯ᠎ᠠ᠃ ᠲᠡᠷᠡᠪᠡᠷ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠤᠨ ᠬᠢᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠨ᠎ᠠ ᠭᠡᠵᠦ ᠢᠯᠡᠳᠭᠡᠪᠡ᠃

ᠬᠣᠢᠱᠢᠳᠠ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠱᠢᠰᠲᠧᠮ᠎ᠤᠨ ᠬᠢᠨ ᠠᠵᠢᠯ᠎ᠢᠶᠡᠨ ᠬᠡᠷᠬᠢᠨ ᠦᠷᠨᠢᠭᠦᠯᠬᠦ ᠪᠤᠶ ᠬᠡᠪᠡᠯ᠂ ᠳ᠋ᠦ᠋ ᠬᠣᠶ ᠯᠢᠶᠠᠩ ᠭᠤᠷᠪᠠᠨ ᠭᠤᠤᠯᠳᠠᠯᠭ᠎ᠠ᠎ᠲᠠᠶ ᠴᠢᠭ᠌ᠯᠡᠯ᠎ᠢ ᠵᠢᠭᠠᠨ ᠭᠠᠷᠭᠠᠪᠠ᠄ ᠨᠢᠭᠡ᠎ᠳᠦ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠷᠢᠯᠢᠭ ᠪᠤᠲᠠᠲᠠᠢ ᠨᠠᠢᠳᠠᠪᠤᠷᠢᠵᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠬᠢᠯᠡᠵᠤ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠬᠣᠱᠢᠭᠤᠴᠢ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠨ᠎ᠢ ᠬᠥᠮᠦᠵᠢᠭᠦᠯᠬᠦ᠌ ᠵᠢᠭ᠍ᠰᠠᠭᠠᠯ᠎ᠤᠨ ᠭᠠᠵᠠᠷ᠎ᠢ ᠱᠢᠰᠲ᠋ᠧᠮ᠎ᠲᠡᠶ ᠪᠠᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠦᠨ᠎ᠡ᠃ ᠬᠣᠶᠠᠷ᠎ᠲᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠢᠷᠡᠭᠦᠯᠦᠨ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠬᠢᠭᠡᠳ ᠬᠠᠩᠭᠠᠯᠭ᠎ᠠ᠎ᠶ᠋ᠢᠨ ᠬᠦᠴᠦᠨ᠎ᠢ ᠶᠡᠬᠡ᠎ᠪᠡᠷ ᠥᠷᠭᠡᠳᠭᠡᠵᠦ᠍᠂ ᠰᠤᠷᠭᠠᠨ ᠬᠥᠮᠦᠵᠢᠯ᠎ᠦᠨ ᠲᠣᠭᠠᠴᠢᠯᠠᠯᠲᠠ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠣᠶᠤᠨᠴᠢ ᠰᠤᠷᠭᠠᠨ ᠬᠥᠮᠦᠵᠢᠯ᠎ᠦᠨ ᠪᠠᠢᠭᠤᠯᠤᠯᠲᠠ᠎ᠶ᠋ᠢ ᠲᠦᠷᠭᠡᠳᠭᠡᠨ᠂ ᠰᠤᠷᠭᠠᠨ ᠬᠥᠮᠦᠵᠢᠯ᠎ᠦᠨ ᠲᠥᠪ ᠭᠤᠤᠯᠴᠢ ᠪᠤᠯᠤᠨ ᠶᠠᠰᠤ ᠴᠢᠨᠠᠷ᠎ᠤᠨ ᠵᠡᠷᠭᠡ᠎ᠪᠡᠷ ᠳᠡᠭᠡᠭ᠌ᠰᠢᠯᠡᠭᠦ᠎ᠶ᠋ᠢ ᠠᠬᠢᠭᠤᠯᠤᠨ᠎ᠠ᠃ ᠭᠤᠷᠪᠠ᠎ᠳᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠤᠨ᠎ᠠ᠃ ᠶᠡᠬᠡ ᠳᠡᠭᠡᠳᠦ ᠰᠤᠷᠭᠠᠭᠤᠯᠢ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢ ᠲᠦᠷᠦᠯ ᠬᠤᠪᠢᠶᠠᠨ ᠠᠬᠢᠭᠤᠯᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠪᠦᠲᠦᠴᠡ᠎ᠶ᠋ᠢᠨ ᠪᠠᠢᠷᠢᠱᠢᠭᠤᠯᠤᠯᠲᠠ᠎ᠵᠢ ᠱᠢᠰᠲ᠋ᠧᠮ᠎ᠲᠡᠶ ᠱᠢᠯᠢᠳᠡᠭ᠌ᠵᠢᠭᠦᠯᠵᠦ᠍᠂ ᠤᠳᠤ ᠦᠶ᠎ᠡ᠎ᠶ᠋ᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠣᠬᠢᠴᠠᠬᠤ ᠴᠢᠨᠠᠷ ᠪᠠ ᠲᠠᠲᠠᠬᠤ ᠬᠦᠴᠦᠨ᠎ᠢ ᠳᠡᠭᠡᠭ᠌ᠰᠢᠯᠡᠭᠦᠯᠦᠨ᠎ᠡ᠃ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠳᠠᠪᠠᠭᠤᠯᠢᠭ ᠪᠠ ᠠᠵᠤ ᠦᠶ᠋ᠯᠡᠰ᠎ᠦᠨ ᠳᠠᠪᠠᠭᠤᠯᠢᠭ᠎ᠲᠤ ᠰᠠᠭᠤᠷᠢᠯᠠᠨ᠂ ᠱᠢᠨᠵᠢᠯᠡᠭᠡᠨ᠎ᠦ ᠰᠠᠯᠠᠭ᠎ᠠ᠎ᠶᠢᠨ ᠲᠤᠰᠭᠠᠶ ᠮᠡᠷᠭᠡᠵᠢᠯ᠎ᠦᠨ ᠪᠦᠲᠦᠴᠡ ᠪᠠ ᠴᠢᠳᠠᠪᠤᠷᠢᠲᠠᠨ ᠬᠥᠮᠦᠵᠢᠭᠦᠯᠬᠦ᠌ ᠪᠠᠢᠷᠢᠱᠢᠭᠤᠯᠤᠯᠲᠠ᠎ᠶ᠋ᠢ ᠬᠥᠳᠡᠯᠦᠩᠭᠦᠶ᠎ᠪᠡᠷ ᠱᠢᠯᠢᠳᠡᠭ᠌ᠵᠢᠭᠦᠯᠵᠦ᠍᠂ ᠳᠡᠭᠡᠳᠦ ᠲᠠᠰ ᠳᠠᠪᠬᠤᠷᠭ᠎ᠠ᠎ᠶ᠋ᠢᠨ ᠣᠷᠣᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠬᠦ ᠡᠷᠴᠢᠮ᠎ᠢ ᠴᠢᠩᠭᠠᠷᠠᠭᠤᠯᠤᠨ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠠᠮᠵᠢᠯᠴᠠᠨ ᠬᠥᠭ᠌ᠵᠢᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠠᠩ ᠪᠠᠲᠤ ᠪᠠᠬᠢ ᠴᠢᠳᠠᠪᠤᠷᠢᠲᠠᠨ᠎ᠤ ᠪᠠᠲᠤᠯᠠᠭ᠎ᠠ᠂ ᠣᠶᠤᠨ᠎ᠤ ᠳᠡᠮᠵᠢᠯᠭᠡ ᠪᠠ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ ᠬᠠᠩᠭᠠᠨ᠎ᠠ᠃

ᠢᠷᠡᠯᠲᠡ᠄    
Baidu
map