ᠪᠥᠬᠥ᠌ ᠤᠯᠤᠰ ᠎ᠤᠨ ᠬᠣᠶᠠᠷ ᠬᠤᠷᠠᠯ 2026   -   ᠮᠡᠳᠡᠭᠡᠯᠡᠯ
ᠸᠠᠩ ᠵᠣᠣ ᠮᠢᠩ ᠲᠥᠯᠥᠭᠡᠯᠡᠭ᠌ᠴᠢ᠄ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠠᠮᠳᠤᠪᠡᠷ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2026-03-12

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠡᠭᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠢ ᠵᠠᠰᠠᠬᠤ᠎ᠶ᠋ᠢ ᠪᠠᠷᠢᠮᠲᠠᠯᠠᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠨᠡᠢᠳᠭᠡᠨ ᠱᠢᠯᠢᠳᠡᠭ᠌ᠵᠢᠭᠦᠯᠬᠦ᠌᠎ᠶ᠋ᠢ ᠬᠡᠷᠡᠭ᠌ᠵᠢᠭᠦᠯᠵᠦ᠍᠂ ᠤᠯᠤᠰ᠎ᠤᠨ ᠴᠡᠴᠡᠷᠯᠢᠭ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠳᠡᠷᠭᠡᠳᠡᠬᠢ ᠠᠭᠤᠯᠠ᠎ᠶ᠋ᠢ ᠨᠡᠩ ᠬᠥᠬᠡᠮᠳᠦᠭ ᠨᠣᠭᠣᠭᠠᠨ᠂ ᠤᠰᠤ᠎ᠶ᠋ᠢ ᠨᠡᠩ ᠲᠤᠩᠭᠠᠯᠠᠭ ᠪᠣᠯᠭᠠᠨ᠎ᠠ ᠭᠡᠵᠦ᠍ ᠳᠤᠷᠠᠳᠪᠠ᠃

《ᠥᠪᠥᠷ ᠮᠣᠩᠭᠣᠯ 〈ᠤᠮᠠᠷᠠᠲᠤ᠎ᠶ᠋ᠢᠨ ᠭᠤᠷᠪᠠᠨ ᠣᠷᠣᠨ〉᠎ᠢ ᠰᠤᠨᠳᠠᠯᠠᠵᠤ᠂ ᠪᠦᠬᠦ᠌ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠭᠣᠣᠯ ᠲᠠᠢ᠌ᠨ᠎ᠦ ᠲᠠᠯᠠᠪᠤᠷ ᠪᠣᠯᠤᠨ᠎ᠠ᠂ 〈ᠤᠮᠠᠷᠠᠲᠤ᠎ᠶ᠋ᠢᠨ ᠭᠤᠷᠪᠠᠨ ᠣᠷᠣᠨ〉᠎ᠤ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ 〈ᠬᠤᠶᠡᠷ ᠬᠠᠭᠠᠰ〉 ᠨᠢ ᠥᠪᠥᠷ ᠮᠣᠩᠭᠣᠯ᠎ᠳᠤ ᠪᠤᠢ》᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠸᠩ ᠼᠤᠤ ᠠᠮᠢ ᠠᠬᠤᠶ᠎ᠶ᠋ᠢᠨ ᠰᠤᠳᠤᠯᠭᠠᠨ᠎ᠤ ᠶᠡᠷᠦᠩᠬᠡᠶ ᠬᠢᠨᠠᠭ᠍ᠴᠢ ᠸᠠᠩ ᠵᠣᠣ ᠮᠢᠩ ᠬᠡᠯᠡᠬᠦ᠎ᠳᠡᠭᠡᠨ᠄《ᠠᠷᠪᠠᠨ ᠳᠥᠷᠪᠡᠳᠦᠭᠡᠷ ᠲᠠᠪᠤᠨ ᠵᠢᠯ》᠎ᠦᠨ ᠬᠤᠭᠤᠴᠠᠭᠠᠨ᠎ᠳᠤ᠂ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠨᠡᠢᠲᠡ 1.23 ᠳ᠋ᠦᠩᠱᠢᠭᠤᠷ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ 6688 ᠲᠦᠮᠡᠨ ᠮᠥ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠵᠠᠢ ᠬᠡᠪᠡ᠃

《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠠᠵᠤ ᠦᠢᠯᠡᠰ᠎ᠦᠨ ᠲᠡᠰ ᠳᠡᠪᠱᠢᠬᠦ᠌ ᠪᠠ ᠤᠷᠳᠤ ᠬᠤᠭᠤᠴᠠᠭᠠᠨ᠎ᠤ ᠪᠦᠲᠦᠮᠵᠢᠲᠡᠢ ᠬᠥᠭ᠌ᠵᠢᠯᠲᠡ᠎ᠶ᠋ᠢ ᠬᠡᠷᠬᠢᠨ ᠥᠨᠳᠥᠷ ᠪᠦᠲᠦᠮᠵᠢᠲᠡᠢ ᠠᠬᠢᠭᠤᠯᠬᠤ ᠪᠤᠢ ᠬᠡᠳᠡᠭ ᠠᠰᠠᠭᠤᠳᠠᠯ᠎ᠢ ᠸᠠᠩ ᠵᠤᠤ ᠮᠢᠩ ᠢᠮᠠᠭ᠍ᠲᠠ ᠪᠣᠳᠣᠯᠬᠢᠯᠠᠭ᠍ᠰᠠᠭᠠᠷ ᠢᠷᠡᠵᠠᠢ᠃ ᠲᠡᠷᠡ᠂ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠣᠷᠣᠨ ᠪᠦᠰᠡ᠎ᠳᠦ ᠡᠪᠡᠰᠦᠨ᠎ᠦ ᠠᠵᠤ ᠦᠢᠯᠡᠰ᠎ᠦᠨ ᠪᠦᠰᠡ᠎ᠶ᠋ᠢ ᠪᠠᠢᠷᠢᠱᠢᠭᠤᠯᠵᠤ᠂ ᠡᠪᠡᠰᠦᠨ᠎ᠦ ᠠᠵᠤ ᠦᠢᠯᠡᠰ᠎ᠦᠨ ᠬᠡᠯᠬᠢᠶ᠎ᠡ᠎ᠶ᠋ᠢ ᠲᠡᠭᠦᠯᠳᠡᠷᠵᠢᠭᠦᠯᠦᠨ᠎ᠡ᠃ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠲᠠᠢ ᠤᠶᠠᠯᠳᠤᠭᠤᠯᠤᠨ᠂ ᠠᠮᠢ ᠠᠬᠤᠶ᠎ᠶ᠋ᠢ ᠰᠡᠷᠭᠦᠭᠡᠬᠦ᠌᠎ᠪᠡᠷ ᠳᠠᠮᠵᠢᠭᠤᠯᠤᠨ ᠭᠠᠵᠠᠷ ᠱᠢᠷᠣᠶ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠲᠡᠵᠢᠭᠡᠯ ᠡᠪᠡᠰᠦ ᠲᠠᠷᠢᠬᠤ ᠭᠠᠵᠠᠷ ᠱᠢᠷᠣᠶ᠎ᠶ᠋ᠢᠨ ᠬᠡᠷᠡᠭ᠌ᠴᠡᠭᠡ᠎ᠶ᠋ᠢ ᠬᠠᠩᠭᠠᠨ᠎ᠠ᠃ ᠲᠣᠬᠢᠷᠠᠮᠵᠢᠲᠠᠶ ᠨᠥᠬᠥᠴᠡᠯ᠎ᠢ ᠪᠦᠷᠢᠯᠳᠦᠭᠦᠯᠦᠭ᠌ᠰᠡᠨ ᠣᠷᠣᠨ ᠪᠦᠰᠡ᠎ᠳᠦ ᠲᠡᠵᠢᠭᠡᠯ ᠪᠤᠯᠬᠤᠢᠴᠠ ᠡᠪᠡᠰᠦ ᠪᠡᠯᠴᠢᠭᠡᠷ᠎ᠤᠨ ᠬᠠᠷᠢᠴᠠᠯ᠎ᠢ ᠨᠡᠮᠡᠭ᠌ᠳᠡᠭᠦᠯᠵᠦ᠍᠂ ᠭᠠᠩ᠎ᠳᠤ ᠲᠡᠰᠪᠦᠷᠢᠲᠡᠶ ᠡᠪᠡᠰᠦ ᠪᠡᠯᠴᠢᠭᠡᠷ᠎ᠢ ᠬᠥᠭ᠌ᠵᠢᠭᠦᠯᠦᠨ᠂ ᠬᠡᠪᠴᠢᠶᠡᠲᠦ ᠠᠮᠢ ᠠᠬᠤᠶ᠎ᠶ᠋ᠢᠨ ᠰᠡᠯᠭᠦᠨ ᠰᠡᠷᠭᠦᠬᠦ᠌ ᠨᠥᠯᠥᠭᠡᠯᠡᠯ᠎ᠢᠶᠡᠷ ᠳᠠᠮᠵᠢᠭᠤᠯᠤᠨ᠂ ᠲᠡᠵᠢᠭᠡᠯ ᠡᠪᠡᠰᠦ᠎ᠶ᠋ᠢ ᠲᠥᠪᠯᠡᠷᠡᠭᠦᠯᠦᠨ ᠶᠡᠬᠡ ᠬᠡᠰᠡᠭ᠎ᠢᠶᠡᠷ ᠬᠥᠭ᠌ᠵᠢᠭᠦᠯᠵᠦ᠍᠂ ᠡᠪᠡᠰᠦ ᠪᠡᠯᠴᠢᠭᠡᠷ᠎ᠤᠨ ᠬᠠᠩᠭᠠᠯᠭ᠎ᠠ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠦᠨ᠎ᠡ᠃ ᠡᠭᠦᠨ᠎ᠦ ᠬᠠᠮᠲᠤ᠂ ᠮᠠᠯ ᠪᠡᠯᠴᠢᠭᠡᠷ᠎ᠢ ᠨᠢᠭᠡ ᠴᠤᠬ᠍ᠴᠠᠵᠢᠭᠤᠯᠬᠤ᠎ᠶᠢ ᠲᠥᠬᠡᠮᠡᠯᠵᠢᠬᠥᠯᠵᠥ  ᠲᠡᠵᠢᠭᠡᠯ ᠡᠪᠡᠰᠦ᠎ᠶ᠋ᠢ ᠲᠤᠬᠠᠢ᠎ᠶ᠋ᠢᠨ ᠭᠠᠵᠠᠷ᠎ᠲᠤᠨᠢ ᠣᠨᠳᠣᠣᠱᠢᠭᠤᠯᠬᠤ᠂ ᠦᠷ᠎ᠡ ᠪᠦᠲᠦᠮᠵᠢ᠎ᠶ᠋ᠢ ᠨᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠪᠡᠯ ᠵᠤᠬᠢᠨ᠎ᠠ ᠭᠡᠵᠦ ᠰᠠᠨᠠᠭᠤᠯᠪᠠ᠃

《ᠦᠷ᠎ᠡ᠂ ᠮᠡᠷᠭᠡᠵᠢᠯ᠂ ᠦᠷ᠎ᠡ ᠪᠦᠲᠦᠭᠡᠯ᠎ᠤᠨ ᠲᠣᠬᠢᠷᠠᠮᠵᠢᠲᠠᠢ ᠡᠰᠡᠬᠦ᠌᠎ᠶᠢ ᠬᠦᠷᠦᠰᠦ ᠰᠢᠷᠤᠢ᠎ᠶᠢᠨ ᠬᠤᠪᠢᠷᠠᠯᠳᠠ ᠡᠴᠠ ᠦᠵᠡᠵᠦ ᠭᠠᠷᠴᠦ ᠪᠤᠯᠤᠨ᠎ᠠ》᠃ ᠲᠡᠷᠡ ᠪᠠᠰᠠ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ ᠵᠠᠯᠭᠠᠭ᠎ᠠ᠎ᠪᠠᠷ ᠬᠣᠢᠱᠢᠳᠠ᠎ᠶ᠋ᠢᠨ ᠠᠷᠠᠴᠢᠯᠠᠨ ᠬᠠᠮᠠᠭᠠᠯᠠᠬᠤ ᠬᠤᠭᠤᠴᠠᠭᠠᠨ᠎ᠳᠤ ᠣᠷᠣᠬᠤ ᠎ᠶ᠋ᠢ ᠳᠠᠭᠠᠯᠳᠤᠨ᠂ ᠴᠢᠬᠤᠯᠠ ᠠᠮᠢ ᠠᠬᠤᠶ᠎ᠶ᠋ᠢᠨ ᠴᠢᠳᠠᠮᠵᠢᠳᠤ ᠣᠷᠣᠨ᠎ᠳᠤ ᠠᠮᠢ ᠠᠬᠤᠶ᠎ᠶ᠋ᠢᠨ ᠬᠢᠨᠠᠨ ᠬᠡᠮᠵᠢᠯᠲᠡ᠎ᠶ᠋ᠢᠨ ᠬᠠᠮᠢᠶᠠᠷᠤᠨ ᠬᠠᠮᠠᠭᠠᠯᠠᠬᠤ ᠲᠥᠪ᠎ᠢ ᠪᠠᠢᠷᠢᠱᠢᠭᠤᠯᠵᠤ᠂ ᠲᠤᠰᠭᠠᠶ ᠣᠷᠳᠣ ᠬᠤᠭᠤᠴᠠᠭᠠᠨ᠎ᠤ ᠪᠦᠲᠦᠮᠵᠢᠲᠡᠶ ᠦᠶ᠋ᠯᠡᠴᠢᠯᠡᠭᠡᠨ᠎ᠦ ᠪᠦᠯᠬᠦᠮ ᠪᠠᠢᠭᠤᠯᠵᠤ᠂ ᠬᠢᠨᠠᠨ ᠬᠡᠮᠵᠢᠬᠦ᠌᠂ ᠠᠷᠠᠴᠢᠯᠠᠨ ᠬᠠᠮᠠᠭᠠᠯᠠᠬᠤ᠂ ᠴᠢᠬᠢ ᠨᠦᠬᠦᠬᠦ᠂ ᠨᠥᠬᠥᠵᠦ᠍ ᠳᠠᠷᠢᠬᠤ ᠵᠡᠷᠭᠡ ᠦᠶ᠋ᠯᠡᠴᠢᠯᠡᠭᠡ ᠬᠠᠩᠭᠠᠨ᠎ᠠ᠃ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠲᠠᠪᠴᠠᠩ᠎ᠤᠨ ᠦᠢᠯᠡᠳᠦᠯ᠎ᠢ ᠪᠠᠳᠠᠷᠠᠭᠤᠯᠵᠤ᠂ ᠭᠣᠣᠯᠳᠠᠯᠭ᠎ᠠ ᠲᠠᠢ ᠣᠷᠣᠨ ᠪᠦᠰᠡ᠎ᠳᠦ ᠦᠷ᠎ᠡ ᠪᠦᠲᠦᠭᠡᠯ᠎ᠢ ᠤᠯᠠᠷᠢᠭᠤᠯᠬᠤ ᠰᠠᠭᠤᠷᠢᠨ᠎ᠢ ᠪᠠᠢᠷᠢᠯᠠᠭᠤᠯᠪᠠᠯ ᠵᠤᠬᠢᠨ᠎ᠠ ᠭᠡᠵᠦ ᠰᠠᠨᠠᠭᠤᠯᠪᠠ᠃

ᠢᠷᠡᠯᠲᠡ᠄    
Baidu
map